7 ᠳ᠋ᠤᠭᠠᠷ ᠰᠠᠷ᠎ᠠ ᠶᠢᠨ 17 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3 ︵ᠴᠥᠮ ᠨᠡᠶᠢᠰᠯᠡᠯ ᠤᠨ ᠣᠯᠠᠨ ᠤᠯᠤᠰ ᠤᠨ | ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶᠂ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ | ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ | 7 ᠳ᠋ᠤᠭᠠᠷ ᠰᠠᠷ᠎ᠠ ᠶᠢᠨ 17 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 31 ︵ᠴᠥᠮ ᠪᠠᠶᠠᠨᠨᠠᠭᠤᠷ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 | ︵ᠴᠥᠮ ᠪᠠᠶᠠᠨᠨᠠᠭᠤᠷ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 19 ︵ᠴᠥᠮ ᠬᠥᠬᠡᠬᠤᠲᠠ ᠳᠤ︶᠂ | ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |