ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2022/7/18
    ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ    ᠦᠪᠦᠷ ᠵᠠᠰᠠᠭ ᠠᠯᠪᠠᠨ ᠲᠠᠷᠬᠠᠭᠠᠭᠰᠠᠨ ﹇2022﹈ 27 ᠳ᠋ᠤᠭᠠᠷ ᠲᠣᠭᠠᠲᠤ    ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄    ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠡᠷᠡᠭᠯᠡᠬᠦ ᠭᠠᠵᠠᠷ ᠤᠨ ᠦᠨᠡᠯᠡᠬᠦ ᠠᠷᠭ᠎ᠠ ᠮᠠᠶ᠋ᠢᠭ ᠪᠠ ᠴᠠᠭ ᠤᠨ ᠳᠠᠷᠠᠭᠠᠯᠠᠯ ᠳᠤ ᠲᠣᠬᠢᠷᠠᠭᠤᠯᠤᠯᠲᠠ ᠬᠢᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠦᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠳᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠬᠤ ᠶᠢ ᠪᠠᠷᠢᠮᠲᠠᠯᠠᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠥᠬᠦ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠳᠤᠤᠷᠠᠬᠢ ᠮᠡᠲᠦ ᠰᠠᠨᠠᠯ ᠳᠤᠷᠠᠳᠪᠠ᠃    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ︽ᠪᠠᠷᠢᠮᠵᠢᠶᠠᠲᠤ ᠭᠠᠵᠠᠷ︾ ᠭᠡᠳᠡᠭ ᠨᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ᠂ ᠣᠷᠴᠢᠨ ᠲᠣᠭᠤᠷᠢᠨ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠤᠲᠤᠷᠬᠠᠢ ᠲᠤᠨᠨᠳᠠᠭᠠᠭᠠᠳ ᠭᠡᠷ᠎ᠡ ᠭᠦᠢᠴᠡᠳᠬᠡᠵᠤ ᠲᠦᠯᠦᠪᠦᠷᠢᠲᠡᠢ ᠰᠢᠯᠵᠢᠭᠦᠯᠬᠦ ᠪᠠᠷ ᠠᠮᠠᠯᠠᠭᠰᠠᠨ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠢᠭᠠᠵᠤ ᠪᠤᠶ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠠᠬᠢᠭᠤᠯᠬᠤ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ ᠠᠰᠢᠭᠯᠠᠬᠤ ᠪᠠᠨ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠡᠷᠡᠭᠯᠡᠬᠦ ᠭᠠᠵᠠᠷ ᠤᠨ ᠲᠠᠯ᠎ᠠ ᠪᠠᠷ ᠪᠠᠲᠤᠯᠠᠭ᠎ᠠ ᠬᠠᠩᠭᠠᠬᠤ ᠬᠡᠷᠡᠭᠲᠡᠶ᠃    ︵ᠬᠤᠶᠠᠷ︶ ᠦᠨᠳᠦᠰᠦᠨ ᠵᠠᠷᠴᠢᠮ᠃    --- ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠬᠤ ᠬᠡᠷᠡᠭᠲᠡᠢ᠃ ᠬᠡᠷᠡᠭᠵᠢᠭᠦᠯᠬᠦ ᠶᠢᠨ ᠳᠠᠭᠠᠤ ᠳᠤ ᠳ᠋ᠦᠩᠨᠡᠵᠦ᠂ ᠳᠡᠯᠭᠡᠷᠡᠭᠦᠯᠬᠦ ᠶᠢᠨ ᠳᠠᠭᠠᠤ ᠳᠤ ᠵᠢᠷᠤᠮᠵᠢᠭᠤᠯᠬᠤ ᠱᠠᠭᠠᠷᠳᠠᠯᠭ᠎ᠠ ᠶᠣᠰᠣᠭᠠᠷ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠪᠠᠷᠢᠮᠵᠢᠶᠠᠲᠤ ᠭᠠᠵᠠᠷ︾ ᠤᠨ ᠲᠦᠯᠦᠪᠦᠷᠢᠲᠡᠢ ᠰᠢᠯᠵᠢᠭᠦᠯᠬᠦ ᠲᠦᠷᠢᠮ ᠤᠨ ᠲᠤᠨᠨᠳᠠᠯᠴᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠪᠠᠶᠢᠭᠤᠯᠬᠤ ᠬᠡᠷᠡᠭᠲᠡᠢ᠃    --- ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠠᠷᠪᠢᠯᠠᠨ ᠡᠷᠴᠢᠮᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠨᠡᠶᠢᠲᠡᠯᠡᠨ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠨᠥᠬᠦᠴᠡᠯ ᠢ ᠲᠣᠳᠣᠷᠬᠠᠶᠢᠯᠠᠵᠤ᠂ ︽ᠴᠡᠪᠡᠷ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠶᠢ ᠦᠨᠡᠨ ᠬᠦ ᠪᠠᠲᠤᠯᠠᠨ᠂ ᠭᠠᠵᠠᠷ ᠰᠢᠷᠣᠶ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠭᠠᠵᠠᠷ ᠰᠢᠷᠣᠶ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠥᠪᠡᠷ ᠤᠨ ᠥᠷᠲᠡᠭ ᠢ ᠨᠢ ᠪᠠᠭᠤᠷᠠᠭᠤᠯᠬᠤ ᠬᠡᠷᠡᠭᠲᠡᠢ᠃    --- ᠪᠦᠬᠦ ᠶᠠᠪᠤᠴᠠ ᠳᠤ ᠬᠢᠨᠠᠨ ᠬᠠᠮᠢᠶᠠᠷᠬᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ᠃ ︽ᠬᠡᠨ ᠭᠤᠣᠯᠴᠢᠯᠠᠨ ᠬᠠᠮᠢᠶᠠᠷᠴᠤ ᠪᠠᠶᠢᠪᠠᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ︽ᠪᠠᠷᠢᠮᠵᠢᠶᠠᠲᠤ ᠭᠠᠵᠠᠷ︾ ᠤᠨ ᠭᠠᠵᠠᠷ ᠬᠡᠷᠡᠭᠯᠡᠬᠦ ᠠᠵᠤ ᠠᠬᠤᠶᠢᠯᠠᠯ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠵᠦ᠂ ᠬᠢᠨᠠᠨ ᠰᠢᠨᠵᠢᠵᠦ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠂ ᠭᠡᠷ᠎ᠡ ᠪᠠᠨ ᠭᠦᠢᠴᠡᠳᠬᠡᠭᠰᠡᠨ ᠥᠭᠡᠢ ᠪᠠᠶᠢᠳᠠᠯ ᠲᠠᠢ ᠪᠣᠯ᠂ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠢ᠃    ︵ᠭᠤᠷᠪᠠ︶ ᠠᠵᠢᠯ ᠤᠨ ᠬᠠᠷᠠᠯᠲᠠ᠃ ᠡᠯ᠎ᠡ ᠠᠶᠢᠮᠠᠭ ᠬᠤᠲᠠ ᠨᠢ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠢᠶᠠᠨ ᠰᠤᠳᠤᠯᠤᠨ ᠨᠡᠶᠢᠲᠡᠯᠡᠵᠦ᠂ ᠲᠦᠯᠦᠪᠦᠷᠢᠲᠡᠢ ᠰᠢᠯᠵᠢᠭᠦᠯᠬᠦ ᠴᠤᠪᠤᠷᠠᠯ ᠢᠶᠠᠨ ᠲᠣᠳᠣᠷᠬᠠᠢ ᠲᠣᠭᠲᠠᠭᠠᠨ᠂ ᠠᠵᠢᠯ ᠤᠨ ᠵᠢᠯᠣᠭᠤᠳᠤᠮᠵᠢ ᠶᠢ ᠲᠣᠭᠲᠠᠭᠠᠵᠤ᠂ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠠᠵᠢᠯ ᠢᠶᠠᠨ ᠡᠬᠢᠯᠡᠭᠦᠯᠬᠦ ᠬᠡᠷᠡᠭᠲᠡᠢ︔ ᠲᠣᠰ ᠵᠢᠯ ᠳᠤ ᠨᠠᠭᠠᠳᠤ ᠵᠠᠬ᠎ᠠ ᠳᠤ ᠪᠠᠨ 1 ᠬᠡᠰᠡᠭ ︽ᠪᠠᠷᠢᠮᠵᠢᠶᠠᠲᠤ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠶᠢᠨ ᠬᠠᠮᠲᠤ᠂ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠲᠦᠯᠦᠪᠦᠷᠢᠲᠡᠢ ᠰᠢᠯᠵᠢᠭᠦᠯᠬᠦ ᠲᠠᠯ᠎ᠠ ᠪᠠᠷ ᠬᠢ ︽ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠯᠭᠡᠷᠡᠭᠦᠯᠵᠦ ᠥᠷᠭᠡᠳᠬᠡᠬᠦ ᠬᠡᠷᠡᠭᠲᠡᠢ︔ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠣᠰ ᠭᠠᠵᠠᠷ ᠣᠷᠣᠨ ᠤ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠪᠠᠶᠢᠳᠠᠯ ᠢ ᠶᠡᠷᠦᠩᠬᠡᠶᠢᠯᠡᠨ ᠦᠨᠡᠯᠡᠨ ᠵᠢᠱᠢᠬᠦ ᠶᠢ ᠴᠠᠭ ᠲᠤ ᠨᠢ ᠲᠤᠬᠢᠷᠠᠭᠤᠯᠤᠨ ᠡᠬᠢᠯᠡᠭᠦᠯᠵᠦ᠂ ︽ᠪᠠᠷᠢᠮᠵᠢᠶᠠᠲᠤ ᠭᠠᠵᠠᠷ︾ ᠤᠨ ᠲᠦᠯᠦᠪᠦᠷᠢᠲᠡᠢ ᠰᠢᠯᠵᠢᠭᠦᠯᠬᠦ ᠳᠦᠷᠢᠮ ᠢᠶᠠᠨ ᠠᠯᠬᠤᠮ ᠠᠯᠬᠤᠮ ᠢᠶᠠᠷ ᠰᠢᠯᠢᠳᠡᠭᠵᠢᠭᠦᠯᠬᠦ ᠬᠡᠷᠡᠭᠲᠡᠢ᠃    ᠬᠤᠶᠠᠷ᠂ ᠭᠤᠣᠯ ᠡᠭᠦᠷᠭᠡ    ︵ᠨᠢᠭᠡ︶ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠬᠦ ᠬᠡᠷᠡᠭᠲᠡᠶ᠃ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠭᠠᠵᠠᠷ ᠬᠥᠷᠥᠰᠥᠨ ᠤ ᠭᠠᠢ ᠭᠠᠮᠰᠢᠭ ᠤᠨ ᠠᠶᠤᠯᠲᠠᠢ ᠴᠢᠨᠠᠷ ᠢ ᠦᠨᠡᠯᠡᠨ ᠵᠢᠱᠢᠬᠦ᠂ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ᠂ ᠭᠠᠵᠠᠷ ᠬᠥᠳᠡᠯᠦᠯᠲᠡ ᠶᠢᠨ ᠠᠶᠤᠯ ᠦᠭᠡᠶ ᠴᠢᠨᠠᠷ ᠢ ᠦᠨᠡᠯᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ᠂ ᠳᠠᠷᠤᠨᠨᠳᠠᠮᠠᠯ ᠴᠢᠬᠤᠯᠠ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠦᠨᠡᠯᠡᠨ ᠵᠢᠱᠢᠬᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠤᠰᠤᠨ ᠤ ᠡᠬᠢ ᠰᠤᠷᠪᠤᠯᠵᠢ ᠶᠢ ᠨᠤᠲᠠᠯᠠᠬᠤ᠂ ᠬᠥᠷᠥᠰᠥ ᠰᠢᠷᠣᠶ ᠶᠢᠨ ᠬᠠᠮᠠᠭᠠᠯᠠᠬᠤ ᠲᠥᠰᠦᠯ ᠢ ᠨᠤᠲᠠᠯᠠᠬᠤ᠂ ᠦᠶᠡᠷ ᠤᠰᠤᠨ ᠤ ᠨᠥᠯᠥᠭᠡᠯᠡᠯ ᠢ ᠦᠨᠡᠯᠡᠬᠦ ᠵᠡᠷᠭᠡ 9 ᠵᠦᠢᠯ ᠤᠨ ᠦᠨᠡᠯᠡᠨ ᠵᠢᠱᠢᠵᠦ ᠦᠨᠡᠯᠡᠬᠦ ᠵᠦᠢᠯᠡᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠨᠡᠭᠡᠭᠡᠯᠲᠡ ᠶᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠣᠷᠣᠨ ᠪᠦᠰᠡ ᠶᠢ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠵᠤ ᠰᠠᠶᠢᠲᠤᠷ ᠬᠢᠬᠦ ᠬᠡᠷᠡᠭᠲᠡᠶ︔ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠲᠤᠷᠰᠢᠯᠲᠠ ᠶᠢ ᠬᠡᠷᠡᠭᠵᠢᠭᠦᠯᠬᠦ ᠬᠡᠪᠴᠢᠶᠡᠨ ᠳᠣᠲᠣᠷ᠎ᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠣᠷᠣᠨ ᠪᠦᠰᠡ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃ ᠣᠷᠣᠵᠤ ᠰᠠᠭᠤᠬᠤ ᠲᠥᠷᠥᠯ ᠵᠦᠢᠯ ᠨᠢ ᠠᠮᠢ ᠠᠬᠤᠶ ᠶᠢᠨ ᠣᠷᠴᠢᠨ ᠲᠣᠭᠤᠷᠢᠨ᠂ ᠠᠶᠤᠯ ᠦᠭᠡᠶ ᠦᠢᠯᠡᠳᠪᠦᠷᠢᠯᠡᠯ ᠵᠡᠷᠭᠡ ᠴᠢᠬᠤᠯᠠ ᠶᠡᠭᠡ ᠨᠥᠯᠥᠭᠡ ᠲᠠᠢ ᠣᠨᠴᠠᠭᠠᠢ ᠠᠵᠢᠯ ᠲᠥᠷᠥᠯ ᠳᠤ ᠬᠤᠯᠪᠣᠭᠳᠠᠭᠰᠠᠨ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠭᠰᠠᠨ ᠵᠥᠪ ᠪᠤᠷᠤᠭᠤ ᠲᠠᠯ᠎ᠠ ᠶᠢᠨ ᠨᠠᠷᠢᠨ ᠬᠠᠭᠤᠳᠠᠰᠤ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ︵ᠬᠤᠶᠠᠷ︶ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠲᠣᠳᠣᠷᠬᠠᠢ ᠲᠣᠭᠲᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠠᠵᠤ ᠦᠢᠯᠡᠰ ᠤᠨ ᠵᠥᠪᠰᠢᠶᠡᠷᠡᠨ ᠣᠷᠣᠭᠤᠯᠬᠤ᠂ ᠴᠢᠳᠠᠮᠵᠢᠲᠦ ᠣᠷᠣᠨ ᠤ ᠬᠤᠪᠢᠶᠠᠷᠢᠯᠠᠯ ᠪᠠ ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠬᠦ ᠱᠠᠭᠠᠷᠳᠠᠯᠭ᠎ᠠ ᠶᠢ ᠦᠨᠳᠦᠰᠦᠯᠡᠨ᠂ ᠠᠵᠢᠯᠯᠠᠭᠤᠯᠵᠤ ᠪᠣᠯᠬᠤ᠂ ᠬᠢᠨᠠᠨ ᠬᠠᠮᠢᠶᠠᠷᠬᠤ ᠳᠤ ᠬᠢᠯᠪᠠᠷ ᠪᠠᠶᠢᠬᠤ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ︽3 + X︾ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ︵3 ᠲᠤᠬᠠᠶᠢᠯᠠᠪᠠᠯ᠄ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠴᠢᠮ᠂ ᠪᠠᠭᠲᠠᠭᠠᠮᠵᠢ ᠶᠢᠨ ᠨᠣᠷᠮ᠎ᠠ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ︔ X ᠲᠤᠬᠠᠶᠢᠯᠠᠪᠠᠯ᠄ ᠮᠥ ᠪᠦᠷᠢ ᠶᠢᠨ ᠳᠤᠮᠳᠠᠴᠢ ᠤᠨᠠᠯᠲᠠ ᠶᠢᠨ ᠥᠷᠲᠡᠭ᠂ ᠨᠢᠭᠡᠴᠢ ᠭᠠᠳᠠᠭᠰᠢᠯᠠᠭᠤᠯᠬᠤ ᠪᠠᠷᠢᠮᠵᠢᠶ᠎ᠠ᠂ ᠡᠨᠧᠷᠭᠢ ᠶᠢᠨ ᠬᠤᠷᠣᠭᠳᠠᠯ ᠤᠨ ᠡᠷᠴᠢᠮ ᠤᠨ ᠬᠡᠪ ᠪᠠᠷᠢᠮᠵᠢᠶ᠎ᠠ᠂ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠡᠵᠡᠮᠳᠡᠯ᠂ ᠰᠤᠳᠤᠯᠤᠨ ᠨᠡᠭᠡᠭᠡᠬᠦ ᠣᠷᠣᠭᠤᠯᠤᠯᠲᠠ᠂ ᠠᠵᠢᠯ ᠣᠯᠭᠤᠯᠲᠠ᠂ ᠮᠡᠷᠭᠡᠵᠢᠯ᠂ ᠴᠢᠳᠠᠪᠤᠷᠢᠲᠠᠨ᠂ ᠨᠠᠷᠠᠲᠤ ᠲᠡᠮᠳᠡᠭ ᠵᠡᠷᠭᠡ ᠭᠦᠢᠴᠡᠳᠬᠡᠯ ᠲᠤᠭ᠎ᠠ︶ ᠶᠢ ᠰᠤᠳᠤᠯᠤᠨ ᠳᠤᠷᠠᠳᠴᠤ᠂ ᠡᠯ᠎ᠡ ᠲᠥᠷᠥᠯ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠪᠠᠨ ᠣᠲᠣ ᠶᠢᠨ ᠬᠡᠷᠡᠭᠵᠢᠭᠦᠯᠵᠦ ᠪᠠᠶᠢᠭ᠎ᠠ ᠤᠯᠤᠰ ᠪᠠ ᠣᠷᠣᠨ ᠨᠤᠲᠤᠭ ᠤᠨ ᠠᠵᠢᠯ ᠲᠥᠷᠥᠯ ᠤᠨ ᠪᠠᠷᠢᠮᠵᠢᠶ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠡᠷᠭᠡ ᠶᠢᠨ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃    ︵ᠭᠤᠷᠪᠠ︶ ︽ᠪᠠᠷᠢᠮᠵᠢᠶᠠᠲᠤ ᠭᠠᠵᠠᠷ︾ ᠢ ᠬᠠᠩᠭᠠᠬᠤ ᠠᠷᠭ᠎ᠠ ᠮᠠᠶ᠋ᠢᠭ ᠢᠶᠠᠨ ᠵᠢᠷᠤᠮᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ︽ᠪᠠᠷᠢᠮᠵᠢᠶᠠᠲᠤ ᠭᠠᠵᠠᠷ︾ ᠢᠶᠠᠨ ᠲᠦᠯᠦᠪᠦᠷᠢᠲᠡᠢ ᠰᠢᠯᠵᠢᠭᠦᠯᠬᠦ ᠠᠴᠠ ᠡᠮᠦᠨ᠎ᠡ᠂ ︽ᠴᠡᠪᠡᠷ ᠭᠠᠵᠠᠷ︾ ᠢ ᠬᠠᠩᠭᠠᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠲᠦᠯᠦᠪᠦᠷᠢᠲᠡᠢ ᠰᠢᠯᠵᠢᠭᠦᠯᠬᠦ ᠪᠠᠷ ᠪᠠᠶᠢᠭ᠎ᠠ ᠭᠠᠵᠠᠷ ᠤᠨ ᠡᠬᠢᠨ ᠤ ᠬᠤᠭᠤᠴᠠᠭᠠᠨ ᠳᠠᠬᠢ ᠲᠡᠭᠰᠢᠯᠡᠬᠦ ᠪᠡᠯᠡᠳᠬᠡᠯ ᠢ ᠪᠡᠶᠡᠯᠡᠭᠦᠯᠵᠦ᠂ ᠵᠠᠮ᠂ ᠤᠰᠤ᠂ ᠴᠠᠬᠢᠯᠭᠠᠨ᠂ ᠰᠢᠲᠠᠮᠠᠬᠠᠶ ᠬᠡᠶ᠂ ᠤᠰᠤ ᠲᠠᠲᠠᠷᠠᠭᠤᠯᠬᠤ᠂ ᠴᠢᠮᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠠᠩᠭᠠᠬᠤ ᠭᠠᠵᠠᠷ ᠲᠠᠬᠢ ᠠᠵᠢᠯ ᠡᠬᠢᠯᠡᠭᠦᠯᠬᠦ ᠳᠤ ᠬᠡᠷᠡᠭᠰᠡᠬᠦ ᠦᠨᠳᠦᠰᠦᠨ ᠨᠥᠬᠦᠴᠡᠯ ᠢ ᠨᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠪᠠᠷᠢᠮᠵᠢᠶᠠᠲᠤ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠳᠤ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠪᠠ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠨᠠᠷᠢᠨ ᠬᠠᠭᠤᠳᠠᠰᠤ ᠶᠢᠨ ᠬᠡᠯᠪᠡᠷᠢ ᠪᠠᠷ ᠲᠦᠯᠦᠪᠦᠷᠢᠲᠡᠢ ᠰᠢᠯᠵᠢᠭᠦᠯᠬᠦ ᠭᠠᠵᠠᠷ ᠤᠨ ᠲᠥᠰᠦᠯ ᠳᠤ ᠪᠠᠨ ᠣᠷᠣᠭᠤᠯᠤᠨ ᠬᠡᠷᠡᠭᠯᠡᠵᠦ᠂ ᠲᠦᠯᠦᠪᠦᠷᠢᠲᠡᠢ ᠰᠢᠯᠵᠢᠭᠦᠯᠬᠦ ᠭᠠᠵᠠᠷ ᠤᠨ ᠠᠯᠪᠠᠨ ᠵᠠᠷ ᠲᠤ ᠪᠠᠨ ᠬᠠᠮᠲᠤ ᠳᠤ ᠨᠢ ᠨᠡᠶᠢᠲᠡᠯᠡᠵᠦ᠂ ᠥᠷᠢᠰᠦᠯᠳᠦᠭᠡᠨ ᠢᠶᠠᠷ ᠬᠤᠳᠠᠯᠳᠤᠨ ᠠᠪᠤᠭᠴᠢᠳ ᠲᠤ ᠨᠢᠭᠡ ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃    ︵ᠳᠥᠷᠪᠡ︶ ︽ᠪᠠᠷᠢᠮᠵᠢᠶᠠᠲᠤ ᠭᠠᠵᠠᠷ︾ ᠤᠨ ᠲᠠᠯ᠎ᠠ ᠪᠠᠷ ᠬᠢ ᠭᠡᠷ᠎ᠡ ᠭᠦᠢᠴᠡᠳᠬᠡᠬᠦ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠬᠤ ᠬᠡᠷᠡᠭᠲᠡᠢ᠃ ᠭᠠᠵᠠᠷ ᠬᠡᠷᠡᠭᠯᠡᠬᠦ ᠠᠵᠤ ᠠᠬᠤᠶᠢᠯᠠᠯ ᠨᠢ ︽ᠪᠠᠷᠢᠮᠵᠢᠶᠠᠲᠤ ᠭᠠᠵᠠᠷ︾ ᠢ ᠣᠯᠤᠭᠰᠠᠨ ᠤ ᠳᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠯᠦᠭᠡ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠲᠦᠯᠦᠪᠦᠷᠢᠲᠡᠢ ᠰᠢᠯᠵᠢᠭᠦᠯᠬᠦ ᠭᠡᠷ᠎ᠡ ︵ᠲᠦᠷᠢᠶᠡᠰᠦᠯᠡᠬᠦ ᠭᠡᠷ᠎ᠡ︶ ᠲᠣᠭᠲᠠᠬᠤ ᠬᠡᠷᠡᠭᠲᠡᠶ︔ ᠵᠠᠰᠠᠭ ᠤᠨ ᠣᠷᠳᠣᠨ ᠪᠤᠶᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ︵ᠪᠠᠶᠢᠭᠤᠯᠤᠮᠵᠢ︶ ᠲᠠᠢ ︽ᠪᠠᠷᠢᠮᠵᠢᠶᠠᠲᠤ ᠭᠠᠵᠠᠷ︾ ᠲᠤ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠭᠡᠷ᠎ᠡ ᠲᠣᠭᠲᠠᠵᠤ᠂ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠭᠡᠷ᠎ᠡ ᠳᠤ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ᠂ ᠦᠢᠯᠡᠳᠪᠦᠷᠢᠯᠡᠬᠦ ᠬᠡᠮᠵᠢᠶᠡᠨ ᠳᠤ ᠬᠦᠷᠦᠭᠰᠡᠨ ᠢ ᠨᠢ ᠳᠠᠬᠢᠨᠲᠠ ᠬᠢᠨᠠᠬᠤ᠂ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯᠡᠰ ᠢ ᠲᠣᠳᠣᠷᠬᠠᠶ ᠲᠣᠭᠲᠠᠭᠠᠬᠤ ᠬᠡᠷᠡᠭᠲᠡᠶ᠃ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠬᠢᠮᠳᠠ ᠬᠤᠳᠠᠯᠳᠤᠵᠤ ᠠᠪᠤᠭᠰᠠᠨ ᠭᠠᠵᠠᠷ ᠤᠨ ᠮᠥᠩᠭᠦ ᠪᠠᠨ ᠲᠤᠰᠢᠶᠠᠭᠰᠠᠨ ᠦᠭᠡᠶ᠂ ᠪᠣᠯᠵᠣᠨ ᠲᠣᠭᠲᠠᠭᠰᠠᠨ ᠴᠠᠭ ᠲᠤ ᠠᠵᠢᠯ ᠢᠶᠠᠨ ᠡᠬᠢᠯᠡᠭᠦᠯᠵᠦ ᠪᠦᠲᠦᠭᠡᠨ ᠪᠠᠶᠢᠭᠤᠯᠤᠭᠰᠠᠨ ᠦᠭᠡᠶ᠂ ᠪᠣᠯᠵᠣᠨ ᠲᠣᠭᠲᠠᠭᠰᠠᠨ ᠴᠠᠭ ᠲᠤ ᠠᠰᠢᠭᠯᠠᠯᠲᠠ ᠳᠤ ᠣᠷᠣᠭᠤᠯᠵᠤ ᠡᠵᠡᠩᠨᠡᠨ ᠠᠵᠢᠯᠯᠠᠭᠤᠯᠤᠭᠰᠠᠨ ᠦᠭᠡᠶ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠦᠭᠡᠶ ᠵᠡᠷᠭᠡ ᠭᠡᠷ᠎ᠡ ᠠᠴᠠ ᠵᠥᠷᠢᠴᠡᠭᠰᠡᠨ ᠪᠠᠶᠢᠳᠠᠯ ᠲᠠᠢ ᠪᠣᠯ᠂ ᠭᠠᠵᠠᠷ ᠬᠡᠷᠡᠭᠯᠡᠬᠦ ᠠᠵᠤ ᠠᠬᠤᠶᠢᠯᠠᠯ ᠤᠨ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃    ︵ᠲᠠᠪᠤ︶ ᠭᠡᠷ᠎ᠡ ᠭᠦᠢᠴᠡᠳᠬᠡᠬᠦ ᠶᠢ ᠨᠢ ᠬᠢᠨᠠᠨ ᠬᠠᠮᠢᠶᠠᠷᠬᠤ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ︽ᠪᠠᠷᠢᠮᠵᠢᠶᠠᠲᠤ ᠭᠠᠵᠠᠷ︾ ᠤᠨ ᠭᠠᠵᠠᠷ ᠢ ᠬᠡᠷᠡᠭᠯᠡᠭᠰᠡᠨ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠳᠠᠭᠤᠰᠬᠠᠭᠰᠠᠨ ᠠᠵᠢᠯ ᠳᠤ ᠭᠡᠷ᠎ᠡ ᠭᠦᠢᠴᠡᠳᠬᠡᠭᠰᠡᠨ ᠢ ᠨᠢ ᠦᠨᠡᠯᠡᠨ ᠵᠢᠱᠢᠬᠦ᠂ ᠠᠰᠢᠭᠯᠠᠯᠲᠠ ᠳᠤ ᠣᠷᠣᠭᠤᠯᠤᠭᠰᠠᠨ ᠢ ᠨᠢ ᠳᠠᠬᠢᠨᠲᠠ ᠬᠢᠨᠠᠬᠤ ᠵᠢᠴᠢ ᠳᠠᠷᠠᠭᠠᠴᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠦ ᠥᠷᠨᠢᠭᠦᠯᠦᠨ᠂ ᠭᠠᠵᠠᠷ ᠬᠡᠷᠡᠭᠯᠡᠭᠰᠡᠨ ᠠᠵᠤ ᠠᠬᠤᠶᠢᠯᠠᠯ ᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠬᠦ ᠬᠡᠮᠵᠢᠶᠡᠨ ᠳᠤ ᠬᠦᠷᠦᠭᠰᠡᠨ ᠢ ᠨᠢ ᠳᠠᠬᠢᠨᠲᠠ ᠬᠢᠨᠠᠬᠤ ᠵᠡᠷᠭᠡ ᠵᠠᠩᠭᠢᠯᠠᠭ᠎ᠠ ᠶᠢᠨ ᠬᠢᠨᠠᠨ ᠰᠢᠨᠵᠢᠵᠦ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠠᠵᠠᠷ ᠬᠡᠷᠡᠭᠯᠡᠭᠰᠡᠨ ᠠᠵᠤ ᠠᠬᠤᠶᠢᠯᠠᠯ ᠤᠨ ᠭᠡᠷ᠎ᠡ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠭᠡᠷ᠎ᠡ ᠳᠤ ᠪᠣᠯᠵᠣᠭᠰᠠᠨ ᠶᠣᠰᠣᠭᠠᠷ ᠱᠠᠩᠨᠠᠬᠤ ᠪᠠ ᠵᠠᠯᠬᠠᠭᠠᠵᠤ᠂ ︽ᠪᠠᠷᠢᠮᠵᠢᠶᠠᠲᠤ ᠭᠠᠵᠠᠷ︾ ᠤᠨ ᠭᠠᠵᠠᠷ ᠬᠡᠷᠡᠭᠯᠡᠭᠰᠡᠨ ᠠᠵᠤ ᠠᠬᠤᠶᠢᠯᠠᠯ ᠤᠨ ᠪᠠᠯᠠ ᠣᠷᠣᠭᠤᠯᠤᠭᠰᠠᠨ ᠲᠥᠷᠥᠯ ᠵᠦᠢᠯ ᠤᠨ ᠢᠲᠡᠭᠡᠮᠵᠢ ᠳᠤ ᠶᠡᠷᠦᠩᠬᠡᠶᠢᠯᠡᠨ ᠬᠢᠨᠠᠵᠤ ᠬᠠᠮᠢᠶᠠᠷᠬᠤ ᠶᠢ ᠰᠦᠪᠡᠭᠴᠢᠯᠡᠨ ᠥᠷᠨᠢᠭᠦᠯᠵᠦ᠂ ᠭᠠᠵᠠᠷ ᠬᠡᠷᠡᠭᠯᠡᠭᠰᠡᠨ ᠠᠵᠤ ᠠᠬᠤᠶᠢᠯᠠᠯ ᠤᠨ ᠢᠲᠡᠭᠡᠮᠵᠢ ᠠᠯᠳᠠᠭᠰᠠᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠬᠡᠷᠡᠭᠲᠡᠢ᠃    ︵ᠵᠢᠷᠭᠤᠭ᠎ᠠ︶ ︽ᠪᠠᠷᠢᠮᠵᠢᠶᠠᠲᠤ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠲᠠᠯ᠎ᠠ ᠪᠠᠷ ᠬᠢ ᠭᠠᠵᠠᠷ ᠰᠢᠷᠣᠢ ᠨᠥᠭᠡᠴᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠭᠠᠵᠠᠷ ᠬᠠᠩᠭᠠᠬᠤ ᠲᠥᠯᠥᠪᠯᠡᠭᠡ ᠪᠠᠨ ᠦᠨᠳᠦᠰᠦᠯᠡᠨ᠂ ︽ᠭᠠᠵᠠᠷ ᠰᠢᠷᠣᠶ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠵᠠᠷ ᠰᠢᠷᠤᠢ ᠨᠥᠭᠡᠴᠡᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠡᠭᠦᠨ ᠢ ᠲᠡᠭᠦᠯᠳᠡᠷᠵᠢᠭᠦᠯᠵᠦ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠭᠠᠵᠠᠷ ᠰᠢᠷᠣᠶ ᠲᠠᠲᠠᠪᠤᠷᠢᠯᠠᠬᠤ ᠬᠡᠷᠡᠭᠲᠡᠶ᠃ ᠭᠠᠵᠠᠷ ᠰᠢᠷᠣᠢ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠭᠰᠠᠨ ᠮᠥᠷᠲᠡᠭᠡᠨ ᠭᠠᠵᠠᠷ ᠰᠢᠷᠣᠶ ᠬᠡᠷᠡᠭᠯᠡᠬᠦ ᠡᠷᠬᠡ ᠶᠢᠨ ᠬᠠᠷᠢᠶ᠎ᠠ ᠳᠤ ᠮᠠᠷᠭᠤᠭᠠᠨ ᠦᠭᠡᠶ ᠪᠠᠶᠢᠭᠰᠠᠨ ᠤᠷᠢᠲᠠᠯ ᠳᠤᠤᠷ᠎ᠠ᠂ ︽ᠪᠠᠷᠢᠮᠵᠢᠶᠠᠲᠤ ᠭᠠᠵᠠᠷ︾ ᠢ ᠲᠦᠯᠦᠪᠦᠷᠢᠲᠡᠢ ᠰᠢᠯᠵᠢᠭᠦᠯᠬᠦ ᠳᠤ ᠬᠡᠷᠡᠭᠯᠡᠬᠦ ᠭᠠᠵᠠᠷ ᠰᠢᠷᠣᠶ ᠶᠢ ᠨᠥᠭᠡᠴᠡᠯᠡᠬᠦ ᠠᠵᠢᠯ ᠢᠶᠠᠨ ᠵᠣᠬᠢᠰᠲᠠᠶ ᠤᠷᠢᠳᠴᠢᠯᠠᠨ ᠰᠠᠶᠢᠲᠤᠷ ᠬᠢᠵᠦ ᠪᠣᠯᠤᠨ᠎ᠠ᠃    ︵ᠳᠣᠯᠤᠭ᠎ᠠ︶ ︽ᠪᠠᠷᠢᠮᠵᠢᠶᠠᠲᠤ ᠭᠠᠵᠠᠷ︾ ᠢᠶᠠᠷ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠡᠯ᠎ᠡ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠣᠯᠤᠭᠰᠠᠨ ᠠᠵᠤ ᠠᠬᠤᠶᠢᠯᠠᠯ ᠤᠨ ᠪᠠᠯᠠ ᠣᠷᠣᠭᠤᠯᠵᠤ ᠪᠠᠶᠢᠭᠠᠳ ᠦᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠳᠤ ︽ᠪᠠᠷᠢᠮᠵᠢᠶᠠᠲᠤ ᠭᠠᠵᠠᠷ︾ ᠤᠨ ᠲᠦᠷᠢᠮ ᠢ ᠬᠡᠷᠡᠭᠵᠢᠭᠦᠯᠬᠦ ᠬᠡᠷᠡᠭᠲᠡᠢ᠃ ︽ᠪᠠᠷᠢᠮᠵᠢᠶᠠᠲᠤ ᠭᠠᠵᠠᠷ︾ ᠤᠨ ᠭᠦᠢᠴᠡᠳᠬᠡᠯ ᠲᠤᠭ᠎ᠠ ᠶᠢ ᠬᠠᠤᠯᠢ ᠴᠠᠭᠠᠵᠠ ᠶᠢᠨ ᠰᠢᠢᠳᠪᠦᠷᠢᠯᠡᠬᠦ ᠳᠡᠰ ᠳᠠᠷᠠᠭᠠᠯᠠᠯ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠬᠡᠷᠡᠭᠯᠡᠬᠦ ᠦᠯᠡᠳᠡᠭᠡᠯ ᠭᠠᠵᠠᠷ ᠤᠨ ᠬᠡᠷᠡᠭᠯᠡᠬᠦ ᠡᠷᠬᠡ ᠶᠢ ᠦᠨ᠎ᠡ ᠬᠠᠶᠠᠵᠤ ᠬᠤᠳᠠᠯᠳᠤᠬᠤ ᠨᠥᠬᠦᠴᠡᠯ ᠢ ᠵᠣᠷᠢᠭᠵᠢᠭᠤᠯᠤᠨ ᠰᠦᠪᠡᠭᠴᠢᠯᠡᠬᠦ ᠬᠡᠷᠡᠭᠲᠡᠢ᠃ ᠪᠤᠰᠤᠳ ᠠᠵᠤ ᠦᠢᠯᠡᠰ ᠤᠨ ᠲᠥᠪᠯᠡᠷᠡᠯ ᠤᠨ ᠲᠣᠭᠤᠷᠢᠭ᠂ ᠠᠵᠤ ᠦᠢᠯᠡᠳᠪᠦᠷᠢ ᠶᠢᠨ ᠴᠢᠳᠠᠮᠵᠢ ᠶᠢᠨ ᠲᠣᠭᠤᠷᠢᠭ ᠵᠡᠷᠭᠡ ᠳᠤ ᠪᠣᠳᠠᠲᠠᠢ ᠪᠠᠨ ᠦᠨᠳᠦᠰᠦᠯᠡᠨ᠂ ᠲᠣᠰ ᠰᠠᠨᠠᠯ ᠢᠶᠠᠷ ᠯᠠᠪᠯᠠᠯᠲᠠ ᠪᠣᠯᠭᠠᠵᠤ ︽ᠪᠠᠷᠢᠮᠵᠢᠶᠠᠲᠤ ᠭᠠᠵᠠᠷ ᠣᠷᠣᠨ︾ ᠤ ᠥᠭᠡᠷᠡᠴᠢᠯᠡᠯᠲᠡ ᠶᠢ ᠰᠦᠪᠡᠭᠴᠢᠯᠡᠵᠦ ᠪᠣᠯᠤᠨ᠎ᠠ᠃    ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢᠶᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠳᠤ ᠣᠷᠣᠭᠤᠯᠤᠨ᠂ ᠥᠭᠡᠷᠡᠴᠢᠯᠡᠯᠲᠡ ᠶᠢᠨ ᠡᠯ᠎ᠡ ᠵᠦᠢᠯ ᠤᠨ ᠠᠵᠢᠯ ᠢᠶᠠᠨ ᠨᠠᠷᠢᠯᠢᠭ ᠪᠥᠭᠡᠳ ᠪᠣᠳᠠᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ︽ᠬᠡᠨ ᠭᠤᠤᠯᠴᠢᠯᠠᠨ ᠬᠠᠮᠢᠶᠠᠷᠴᠤ ᠪᠠᠶᠢᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠰᠣᠶᠣᠯ ᠪᠠ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠠᠵᠠᠷ ᠬᠥᠳᠡᠯᠦᠯᠲᠡ᠂ ᠴᠠᠭ ᠠᠭᠤᠷ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠡᠯ᠎ᠡ ᠭᠠᠵᠠᠷ ᠣᠷᠣᠨ ᠢ ᠵᠢᠯᠣᠭᠤᠳᠴᠤ ᠪᠠᠶᠢᠭᠠᠳ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠵᠢᠷᠤᠮᠵᠢᠭᠤᠯᠤᠨ ᠲᠣᠭᠲᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠠᠭᠤᠰᠤᠭᠰᠠᠨ ᠤ ᠳᠠᠷᠠᠭᠠᠬᠢ ᠰᠢᠯᠭᠠᠨ ᠬᠤᠷᠢᠶᠠᠵᠤ ᠠᠪᠬᠤ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃    ︵ᠬᠤᠶᠠᠷ︶ ᠥᠭᠡᠷᠡᠴᠢᠯᠡᠯᠲᠡ ᠶᠢᠨ ᠬᠠᠮᠵᠢᠯᠴᠠᠬᠤ ᠴᠢᠨᠠᠷ ᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠪᠣᠯᠭᠠᠵᠤ᠂ ᠣᠷᠣᠨ ᠪᠦᠰᠡ ᠶᠢᠨ ᠦᠨᠡᠯᠡᠨ ᠵᠢᠱᠢᠬᠦ᠂ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠯᠦᠭᠡ ᠪᠦᠲᠦᠮᠵᠢᠲᠡᠶ ᠵᠣᠯᠭᠠᠯᠳᠤᠭᠤᠯᠤᠨ᠂ ᠲᠣᠰ ᠭᠠᠵᠠᠷ ᠣᠷᠣᠨ ᠤ ᠨᠡᠶᠢᠲᠡᠯᠡᠭᠰᠡᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠨᠠᠷᠢᠨ ᠲᠦᠷᠢᠮ ᠢ ᠬᠤᠷᠸ᠎ᠠ ᠲᠥᠷᠥ ᠶᠢᠨ ᠪᠣᠳᠣᠯᠭ᠎ᠠ ᠯᠤᠭ᠎ᠠ ᠶᠢᠨ ᠨᠢᠭᠡᠳᠦᠯ ᠴᠢᠨᠠᠷᠲᠠᠶ ᠪᠠᠢᠬᠤ ᠶᠢ ᠨᠢ ᠦᠨᠡᠯᠡᠨ ᠵᠢᠱᠢᠵᠦ᠂ ᠥᠭᠡᠷᠡᠴᠢᠯᠡᠯᠲᠡ ᠶᠢᠨ ᠳᠠᠪᠬᠤᠴᠠᠯ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃    ︵ᠭᠤᠷᠪᠠ︶ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠨᠨᠯᠠᠨ᠂ ᠰᠢᠨ᠎ᠡ ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠲᠠᠬᠢ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠥᠷᠭᠡᠨ ᠳᠡᠯᠭᠡᠷ ᠤᠬᠠᠭᠤᠯᠵᠤ᠂ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠵᠢᠱᠢᠶ᠎ᠡ ᠶᠢᠨ ᠬᠢᠳᠡᠯ ᠢ ᠢᠳᠡᠪᠬᠢᠲᠡᠢ ᠳᠡᠯᠭᠡᠷᠡᠭᠦᠯᠦᠨ᠂ ᠨᠡᠶᠢᠭᠡᠮ ᠤᠨ ᠶᠠᠷᠢᠶ᠎ᠠ ᠬᠡᠯᠡᠯᠴᠡᠭᠡ ᠪᠠ ᠵᠢᠱᠢᠯᠲᠡ ᠲᠥᠰᠥᠭᠡᠯᠡᠯ ᠢ ᠵᠥᠪ ᠢᠶᠠᠷ ᠬᠥᠲᠥᠯᠥᠨ ᠵᠢᠯᠣᠭᠤᠳᠴᠤ᠂ ᠲᠦᠯᠦᠪᠦᠷᠢᠲᠡᠢ ᠰᠢᠯᠵᠢᠭᠦᠯᠬᠦ ᠬᠠᠮᠢᠶ᠎ᠠ ᠪᠦᠬᠦᠢ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤ ᠨᠢ ᠣᠨᠣᠪᠴᠢᠲᠠᠶ ᠨᠡᠶᠢᠲᠡᠯᠡᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃    2022 ᠣᠨ ᠤ 4 ᠳ᠋ᠦ᠋ᠭᠡᠷ ᠰᠠᠷ᠎ᠠ ᠶᠢᠨ 21 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠢᠲᠡᠯᠡᠨ᠎ᠡ︶    ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃    ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ2022 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ ᠳᠠᠷᠤᠮᠠᠯᠯᠠᠨ ᠲᠠᠷᠬᠠᠭᠠᠪᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ