ᠪᠥᠬᠦ ᠣᠷᠣᠨ ᠤ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠶᠢᠨ ᠳᠠᠯᠠᠪᠠᠢ ᠶᠢᠨ ᠬᠤᠷᠠᠯ ᠬᠥᠬᠡᠬᠤᠲᠠ ᠳᠤ ᠬᠤᠷᠠᠯᠳᠤᠪᠠ ᠰᠦᠨ ᠱᠤᠤ ᠴᠧᠩ ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/7/18

      7 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠬᠡᠬᠤᠲᠠ ᠳᠤ ᠪᠥᠬᠦ ᠣᠷᠣᠨ ᠤ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠶᠢᠨ ᠳᠠᠯᠠᠪᠠᠢ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠢᠦᠢ ᠯᠢ ᠰᠢᠨ᠂ ᠵᠠᠩ ᠱᠤᠤ ᠴᠦᠨ ᠨᠡᠷ ᠣᠷᠣᠯᠴᠠᠪᠠ᠃

      ᠬᠤᠷᠠᠯ ᠳᠤ ᠣᠷᠣᠯᠴᠠᠭᠰᠠᠨ ᠨᠥᠬᠦᠳ ᠢᠯᠢ ᠶᠢᠨ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠪᠥᠬᠦ ᠪᠥᠮᠪᠥᠷᠴᠡᠭ ᠤᠨ ᠣᠶᠤᠨᠳᠦ ᠦᠶᠯᠡᠳᠭᠡᠯ ᠤᠨ ᠠᠵᠤ ᠦᠶᠯᠡᠰ ᠤᠨ ᠬᠦᠷᠢᠶᠡᠯᠡᠩ ᠳᠤ ᠬᠦᠷᠴᠦ᠂ ᠰᠢᠩᠭᠡᠨ ᠰᠦ᠂ ᠰᠦᠨ ᠲᠠᠯᠬ᠎ᠠ ᠶᠢᠨ ᠦᠶᠯᠡᠳᠪᠦᠷᠢᠯᠡᠯ ᠤᠨ ᠱᠤᠭᠤᠮ ᠢ ᠲᠣᠭᠤᠷᠢᠨ ᠦᠵᠡᠪᠡ᠃ ᠲᠣᠭᠠᠴᠢᠯᠠᠭᠰᠠᠨ ᠦᠶᠯᠡᠳᠪᠦᠷᠢ᠂ ᠮᠧᠬᠠᠨᠢᠭ ᠭᠠᠷ᠂ ᠪᠠᠺᠲ᠋ᠧᠷᠢ ᠥᠬᠡᠶ ᠦᠶᠯᠡᠳᠪᠦᠷᠢ ᠶᠢᠨ ᠲᠠᠰᠤᠭ᠂ ᠣᠶᠤᠨᠳᠤ ᠬᠢᠨᠠᠨ ᠡᠵᠡᠮᠳᠡᠯ᠂ ᠡᠷᠡᠭᠦᠯ ᠮᠡᠨᠳᠦ ᠶᠢᠨ ᠬᠥᠨᠳᠡᠶ ᠶᠢᠨ ᠭᠠᠶᠢᠬᠠᠮᠰᠢᠬᠳᠤ ᠪᠠᠶᠢᠳᠠᠯ ᠨᠢ ᠬᠤᠷᠠᠯ ᠳᠤ ᠣᠷᠣᠯᠴᠠᠭᠰᠠᠨ ᠨᠥᠬᠦᠳ ᠲᠤ ᠣᠳᠣᠬᠢᠴᠢᠯᠠᠭᠰᠠᠨ᠂ ᠤᠶᠤᠨᠴᠢᠯᠠᠭᠰᠠᠨ᠂ ᠠᠮᠢ ᠠᠬᠤᠶᠢᠵᠢᠭᠤᠯᠤᠭᠰᠠᠨ ᠠᠭᠤᠷ ᠠᠮᠢᠰᠬᠤᠯ ᠢ ᠪᠡᠶᠡᠴᠢᠯᠡᠨ ᠮᠡᠳᠡᠷᠡᠭᠦᠯᠪᠡ᠃ ᠮᠧᠩ ᠨᠢᠤ ᠶᠢᠨ ᠳᠤᠮᠳᠠᠳᠤ ᠤᠯᠤᠰ ᠤᠨ ᠰᠦ ᠶᠢᠨ ᠦᠶᠯᠡᠰ ᠤᠨ ᠠᠵᠤ ᠦᠶᠯᠡᠰ ᠤᠨ ᠬᠦᠷᠢᠶᠡᠯᠡᠩ ᠳᠤ᠂ ᠣᠯᠠᠨ ᠢᠶᠠᠷ ᠢᠶᠠᠨ ᠠᠵᠤ ᠦᠶᠯᠡᠰ ᠤᠨ ᠬᠦᠷᠢᠶᠡᠯᠡᠩ ᠤᠨ 3 ᠠᠴᠠ 6 ᠳ᠋ᠤᠭᠠᠷ ᠬᠤᠭᠤᠴᠠᠭ᠎ᠠ ᠪᠠ 8 ᠳ᠋ᠤᠭᠠᠷ ᠬᠤᠭᠤᠴᠠᠭᠠᠨ ᠤ ᠦᠶᠯᠡᠳᠪᠦᠷᠢ ᠶᠢ ᠲᠣᠭᠤᠷᠢᠨ ᠦᠵᠡᠵᠦ᠂ ᠠᠽᠢᠶ᠎ᠠ ᠲᠢᠪ ᠤᠨ ᠬᠠᠮᠤᠭ ᠤᠨ ᠶᠡᠭᠡ ᠤᠶᠤᠨᠳᠤ ᠳᠡᠭᠡᠳᠦ ᠲᠠᠰ ᠤᠨ ᠳᠤᠤᠷ᠎ᠠ ᠳᠤᠯᠠᠭᠠᠨᠳᠦ ᠴᠠᠭᠠᠨ ᠢᠳᠡᠭᠡᠨ ᠤ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠮᠧᠩ ᠨᠢᠤ ᠶᠢᠨ ᠳᠡᠯᠡᠬᠡᠶ ᠳ᠋ᠠᠬᠢᠨ ᠳᠤ ᠬᠠᠨᠳᠤᠬᠤ ᠢᠲᠡᠭᠡᠯ ᠵᠣᠷᠢᠭ ᠢ ᠬᠠᠮᠲᠤ ᠪᠠᠷ ᠮᠡᠳᠡᠷᠡᠪᠡ᠃

      ᠳᠠᠷᠠᠭ᠎ᠠ ᠨᠢ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠡᠰᠡᠭ ᠠᠶᠢᠮᠠᠭ ᠬᠤᠲᠠ ᠬᠤᠰᠢᠭᠤ ᠰᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠪᠣᠯᠤᠨ ᠠᠵᠤ ᠠᠬᠤᠶᠢᠯᠠᠯ᠂ ᠲᠡᠵᠢᠭᠡᠪᠤᠷᠢ ᠶᠢᠨ ᠲᠠᠯᠠᠪᠠᠶ ᠶᠢᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠲᠡᠷᠡ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠣᠯᠭᠤᠭᠰᠠᠨ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠃ ᠰᠦ ᠶᠢᠨ ᠦᠶᠯᠡᠰ ᠢ ᠬᠥᠭᠵᠢᠬᠦᠯᠦᠨ ᠮᠠᠨᠳᠤᠭᠤᠯᠬᠤ ᠶᠢ ᠠᠬᠢᠭᠤᠯᠬᠤ ᠪᠣᠯ ᠡᠨᠡ ᠬᠦ ᠰᠠᠭᠤᠷᠢᠨ ᠢ ᠪᠥᠲᠥᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠂ ᠡᠨᠡ ᠨᠢ ᠴᠢᠬᠤᠯᠠ ᠠᠵᠤ ᠠᠬᠤᠶ ᠶᠢᠨ ᠠᠵᠢᠯ ᠪᠣᠯᠬᠤ ᠪᠠᠷ ᠪᠠᠷᠠᠬᠤ ᠥᠬᠡᠶ ᠨᠠᠩ ᠴᠤ ᠴᠢᠬᠤᠯᠠ ᠤᠯᠤᠰ ᠲᠥᠷᠥ ᠶᠢᠨ ᠡᠭᠦᠷᠭᠡ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠰᠦ ᠶᠢᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠪᠢᠳᠡᠨ ᠢ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠬᠤ ᠶᠢ ᠴᠢᠩ ᠰᠡᠳᠭᠢᠯ ᠠᠴᠠ ᠪᠠᠨ ᠬᠦᠰᠡᠪᠡ᠃ ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠠᠭᠠᠯᠢ ᠶᠢᠨ ᠦᠨᠢᠶᠡᠨ ᠤ ᠲᠤᠭ᠎ᠠ ᠬᠡᠮᠵᠢᠶ᠎ᠡ ᠪᠠ ᠦᠨᠢᠶᠡᠨ ᠰᠦ ᠶᠢᠨ ᠭᠠᠷᠤᠯᠲᠠ ᠪᠦᠬᠦ ᠤᠯᠤᠰ ᠲᠤ ᠲᠥᠷᠤᠭᠦᠯᠡᠵᠦ ᠪᠠᠶᠢᠳᠠᠭ᠂ ᠡᠶᠢᠮᠦ ᠰᠠᠶᠢᠨ ᠰᠠᠭᠤᠷᠢ ᠪᠠ ᠨᠥᠬᠦᠴᠡᠯ ᠲᠠᠢ ᠪᠠᠶᠢᠭᠠᠳ ᠬᠡᠷᠪᠡ ᠰᠦ ᠶᠢᠨ ᠦᠢᠯᠡᠰ ᠢ ᠬᠦᠴᠤᠷᠭᠡᠭᠵᠢᠬᠦᠯᠵᠤ ᠳᠡᠶᠢᠯᠬᠦ ᠦᠭᠡᠶ᠂ ᠰᠢᠯᠢᠳᠡᠭᠵᠢᠬᠦᠯᠵᠤ ᠳᠡᠶᠢᠯᠬᠦ ᠦᠭᠡᠶ ᠪᠣᠯ ᠶᠠᠭᠠᠬᠢᠭᠰᠠᠨ ᠴᠤ ᠵᠦᠢ ᠶᠤᠰᠤᠨ ᠳᠤ ᠨᠠᠶᠢᠴᠡᠬᠦ ᠦᠭᠡᠢ ᠶᠤᠮ᠃ ᠡᠭᠦᠨ ᠤ ᠬᠠᠮᠲᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠮᠠᠨ ᠤ ᠣᠷᠣᠨ ᠤ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠠᠵᠤ ᠠᠬᠤᠶ ᠶᠢᠨ ᠪᠣᠳᠠᠲᠤ ᠬᠦᠴᠦᠨ ᠢᠶᠠᠨ ᠪᠤᠵᠠᠭᠠᠶᠢᠷᠠᠭᠤᠯᠬᠤ ᠶᠢᠨ ᠪᠣᠳᠠᠲᠤ ᠬᠡᠷᠡᠭᠴᠡᠭᠡ ᠮᠥᠨ᠂ ᠢᠯᠢ ᠪᠣᠯᠤᠨ ᠮᠧᠩ ᠨᠢᠤ ᠬᠤᠶᠠᠷ ᠲᠣᠮᠣ ᠴᠠᠭᠠᠨ ᠢᠳᠡᠭᠡᠨ ᠤ ᠠᠵᠤ ᠠᠬᠤᠶᠢᠯᠠᠯ ᠢ ᠲᠡᠳᠬᠦᠨ ᠤᠯᠠᠮ ᠴᠢᠨᠠᠬᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠠᠬᠤᠶᠢᠴᠢ ᠬᠡᠷᠡᠭᠴᠡᠭᠡ ᠮᠥᠨ ᠭᠡᠳᠡᠭ ᠢ ᠣᠯᠵᠤ ᠬᠠᠷᠠᠬᠤ ᠬᠡᠷᠡᠭᠲᠡᠶ᠃ ᠪᠦᠬᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠣᠯᠭᠠᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡ ᠬᠦ ᠶᠡᠭᠡ ᠶᠠᠪᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠭᠢᠯ ᠲᠠᠯᠪᠢᠨ ᠠᠳᠬᠤᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ︽ᠬᠤᠷᠳᠤ ᠨᠠᠮᠡᠬᠦ︾ ᠬᠡᠷᠡᠭᠲᠡᠢ ᠬᠡᠪᠡ᠃

      ᠰᠦᠨ ᠱᠤᠤ ᠴᠧᠩ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠪᠥᠬᠦ ᠠᠵᠤ ᠦᠶᠯᠡᠰ ᠤᠨ ᠬᠡᠯᠬᠢᠶ᠎ᠡ ᠶᠢᠨ ᠰᠡᠳᠭᠢᠬᠦᠶ ᠶᠢ ᠴᠢᠩᠭᠠᠳᠬᠠᠵᠤ᠂ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢ ᠥᠷᠭᠡᠳᠭᠡᠬᠦ ᠠᠵᠢᠯ ᠢ ᠰᠠᠶᠢᠲᠤᠷ ᠬᠢᠵᠦ᠂ ᠲᠡᠵᠢᠭᠡᠬᠦ᠂ ᠦᠶᠯᠡᠳᠪᠦᠷᠢᠯᠡᠬᠦ᠂ ᠡᠳ᠋ᠰᠢᠭᠦᠯᠤᠨ ᠪᠤᠯᠪᠠᠰᠤᠷᠠᠭᠤᠯᠬᠤ᠂ ᠪᠣᠷᠣᠯᠠᠭᠤᠯᠬᠤ ᠵᠡᠷᠭᠡ ᠭᠤᠭᠴᠤᠭ᠎ᠠ ᠪᠦᠬᠦᠨ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠪᠦᠲᠦᠮᠵᠢᠲᠡᠶ ᠵᠣᠯᠭᠠᠭᠤᠯᠬᠤ ᠬᠡᠷᠡᠭᠲᠡᠶ᠃ ᠰᠠᠭᠠᠯᠢ ᠶᠢᠨ ᠦᠨᠢᠶ᠎ᠡ ᠲᠡᠵᠢᠭᠡᠬᠦ ᠪᠣᠯ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠰᠠᠭᠤᠷᠢ ᠮᠥᠨ᠂ ᠲᠡᠵᠢᠭᠡᠬᠦ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠠᠵᠢᠯ ᠢᠶᠠᠨ ᠴᠠᠭ ᠲᠤᠬᠠᠶ ᠳᠤᠨᠢ ᠬᠢᠵᠦ᠂ ᠰᠠᠭᠠᠯᠢ ᠶᠢᠨ ᠦᠨᠢᠶᠡᠨ ᠤ ᠲᠤᠭ᠎ᠠ ᠬᠡᠮᠵᠢᠶ᠎ᠡ ᠶᠢ ᠲᠦᠷᠭᠡᠬᠡᠨ ᠨᠡᠮᠡᠭᠳᠡᠭᠦᠯᠵᠦ᠂ ᠰᠦ ᠶᠢᠨ ᠢᠷᠡᠯᠲᠡ ᠶᠢᠨ ᠳᠤᠲᠠᠭᠳᠠᠯ ᠢ ᠨᠥᠬᠦᠪᠥᠷᠢᠯᠡᠬᠦ ᠬᠡᠷᠡᠭᠲᠡᠶ᠃ ᠦᠷ᠎ᠡ ᠶᠢᠨ ᠢᠷᠡᠯᠲᠡ ᠪᠠ ᠲᠡᠵᠢᠭᠡᠯ ᠡᠪᠡᠰᠦ ᠪᠣᠯ ᠬᠦᠭᠵᠢᠬᠦᠯᠦᠨ ᠮᠠᠨᠳᠤᠭᠤᠯᠬᠤ ᠶᠢ ᠬᠢᠵᠠᠭᠠᠷᠯᠠᠵᠦ ᠪᠠᠶᠢᠭ᠎ᠠ ︽ᠠᠮᠢᠨ ᠰᠤᠳᠠᠰᠤ︾ ᠮᠥᠨ᠂ ᠰᠠᠭᠠᠯᠢ ᠶᠢᠨ ᠦᠨᠢᠶᠡᠨ ᠤ ᠥᠪᠡᠰᠤᠪᠡᠨ ᠪᠣᠶᠢᠵᠢᠭᠤᠯᠬᠤ ᠪᠠ ᠡᠪᠡᠰᠦ ᠪᠡᠯᠴᠢᠭᠡᠷ ᠢ ᠰᠠᠶᠢᠵᠢᠷᠠᠭᠤᠯᠬᠤ ᠠᠯᠬᠤᠭ᠎ᠠ ᠶᠢ ᠲᠦᠷᠭᠡᠳᠭᠡᠵᠦ᠂ ᠰᠥᠯ ᠰᠠᠶᠢᠲᠠᠶ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠭᠡᠨ᠂ ᠦᠷ᠎ᠡ ᠶᠢᠨ ᠢᠷᠡᠯᠲᠡ᠂ ᠲᠡᠵᠢᠭᠡᠯ ᠡᠪᠡᠰᠦ ᠶᠢᠨ ᠶᠠᠰᠤ ᠴᠢᠨᠠᠷ ᠪᠠ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠬᠡᠯᠡᠪᠡ᠃

      ᠰᠦᠨ ᠱᠤᠤ ᠴᠧᠩ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠲᠣᠭᠲᠠᠯ ᠬᠦᠴᠦᠨ᠂ ᠲᠡᠰᠪᠦᠷᠢ ᠳᠠᠭᠠᠭᠠᠴᠠ ᠪᠠ ᠬᠠᠷᠢᠭᠤᠴᠠᠯᠭ᠎ᠠ ᠡᠬᠦᠷᠭᠡᠯᠡᠯ ᠭᠡᠷᠡᠭᠳᠠᠢ᠂ ᠡᠯ᠎ᠡ ᠭᠠᠵᠠᠷ ᠣᠷᠣᠨ ᠤ ᠬᠢᠨ ᠶᠡᠭᠡ ᠳᠠᠩᠰᠠ᠂ ᠶᠡᠷᠦᠩᠬᠡᠶᠢᠯᠡᠭᠰᠡᠨ ᠳᠠᠩᠰᠠ ᠪᠤᠳᠤᠵᠤ᠂ ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠦᠭᠵᠢᠬᠦᠯᠤᠨ ᠮᠠᠨᠳᠤᠭᠤᠯᠬᠤ ᠶᠢ ᠠᠬᠢᠭᠤᠯᠬᠤ ᠶᠢᠰᠦᠨ ᠵᠤᠷᠪᠤᠰ︾ ᠵᠡᠷᠭᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠵᠤ᠂ ᠵᠢᠯ ᠪᠦᠷᠢ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠶᠠᠰᠤ ᠴᠢᠨᠠᠷ ᠤᠨ ᠠᠮᠤᠷ ᠲᠦᠪᠰᠢᠨ ᠤ ᠠᠮᠢᠨ ᠰᠤᠳᠠᠰᠤ ᠶᠢ ᠪᠠᠲᠤ ᠰᠠᠬᠢᠵᠤ᠂ ᠠᠪᠤᠨ ᠳᠣᠣᠷ᠎ᠠ ᠪᠠᠨ ᠠᠰᠢᠭ ᠤᠯᠬᠤ ᠪᠠᠷ ᠶᠠᠭᠠᠷᠠᠵᠤ᠂ ᠠᠰᠢᠭ ᠬᠤᠨᠵᠢᠪᠣᠷᠢ ᠶᠢᠨ ᠲᠥᠯᠥᠭᠡ ᠶᠠᠰᠤ ᠴᠢᠨᠠᠷ ᠢ ᠣᠮᠲᠣᠭᠠᠶᠢᠯᠠᠵᠤ ᠪᠣᠯᠬᠤ ᠦᠭᠡᠢ᠃ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠶᠢᠨ ᠦᠨᠳᠦᠰᠦᠨ ᠵᠣᠷᠢᠯᠭ᠎ᠠ ᠨᠢ ᠠᠷᠠᠳ ᠢ ᠪᠠᠶᠠᠵᠢᠭᠤᠯᠬᠤ ᠶᠢᠨ ᠲᠥᠯᠥᠭᠡ ᠶᠤᠮ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠢ ᠣᠯᠠᠨ ᠵᠦᠶᠯ ᠤᠨ ᠠᠷᠭ᠎ᠠ ᠬᠡᠯᠪᠡᠷᠢ ᠪᠠᠷ ᠣᠷᠣᠯᠴᠠᠭᠤᠯᠵᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠴᠡᠪᠡᠷ ᠠᠰᠢᠭ ᠢ ᠬᠠᠮᠲᠤ ᠪᠠᠷ ᠡᠳ᠋ᠯᠡᠭᠦᠯᠬᠦ ᠬᠡᠷᠡᠭᠲᠡᠶ᠃ ᠠᠵᠤ ᠠᠬᠤᠶᠢᠯᠠᠯ ᠪᠣᠯ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠭᠤᠤᠯ ᠴᠣᠭᠴᠠ ᠮᠥᠨ᠂ ᠰᠢᠨ᠎ᠡ ᠶᠢ ᠡᠭᠦᠳᠬᠦ ᠡᠭᠦᠳᠦᠨ ᠪᠦᠲᠦᠭᠡᠯᠳᠠ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠪᠦᠯᠬᠦᠮᠳᠡᠨ ᠬᠠᠮᠵᠢᠯᠴᠠᠬᠤ ᠳᠤᠮᠳᠠ ᠨᠠᠩ ᠰᠠᠶᠢᠲᠤᠷ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ ᠭᠡᠵᠤ ᠬᠡᠯᠡᠪᠡ᠃

      ᠸᠠᠩ ᠯᠢ ᠰᠢᠶᠠ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠬᠦᠰᠡᠵᠤ ᠨᠠᠶᠢᠳᠠᠭᠰᠠᠨ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠮᠥᠨ᠂ ᠮᠠᠨ ᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠡᠴᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠥᠷ ᠮᠣᠩᠭᠤᠯ ᠤᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠭᠦᠶᠴᠡᠳᠭᠡᠵᠦ᠂ ᠪᠥᠬᠦ ᠲᠠᠯ᠎ᠠ ᠳᠤ ᠵᠣᠭᠰᠣᠨ᠂ ᠶᠡᠭᠡ ᠲᠠᠯ᠎ᠠ ᠶᠢ ᠪᠣᠳᠣᠯᠬᠢᠯᠠᠵᠤ᠂ ᠭᠤᠤᠯᠳᠠᠯᠭ᠎ᠠ ᠶᠢ ᠳᠣᠪᠣᠶᠢᠯᠭᠠᠨ᠂ ᠬᠦᠴᠢᠷᠳᠡᠯ ᠢ ᠰᠢᠪᠲᠤᠯᠵᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠤ ᠬᠡᠯᠡᠵᠠᠢ᠃

      ᠸᠠᠩ ᠯᠢ ᠰᠢᠶᠠ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ᠂ ᠠᠷᠭ᠎ᠠ ᠪᠦᠬᠦᠨ ᠢ ᠰᠦᠪᠡᠭᠴᠢᠯᠡᠨ ᠦᠷ᠎ᠡ ᠶᠢᠨ ᠢᠷᠡᠯᠳᠡ ᠶᠢ ᠰᠠᠶᠢᠵᠢᠷᠠᠭᠤᠯᠵᠤ᠂ ᠡᠬᠦᠯᠳᠡᠷ ᠪᠣᠶᠢᠵᠢᠭᠤᠯᠬᠤ ᠶᠢᠨ ᠰᠢᠨ᠎ᠡ ᠶᠢ ᠡᠭᠦᠳᠬᠦ ᠪᠠ ᠰᠠᠶᠢᠨ ᠡᠬᠦᠯᠳᠡᠷ ᠪᠣᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ︽ᠪᠣᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ︾ ᠶᠢ ᠨᠢᠭᠡ ᠴᠤᠬᠴᠠᠵᠢᠭᠤᠯᠬᠤ ᠶᠢ ᠠᠬᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠰᠦ ᠶᠢᠨ ᠢᠷᠡᠯᠲᠡ ᠶᠢ ᠥᠷᠭᠡᠳᠭᠡᠵᠦ᠂ ᠰᠦ ᠶᠢᠨ ᠦᠶᠯᠡᠰ ᠤᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠰᠦ ᠶᠢᠨ ᠦᠶᠯᠡᠰ ᠤᠨ ᠣᠷᠳᠣ ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠶ᠃ ᠡᠪᠡᠰᠦ ᠪᠣᠷᠳᠤᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠪᠡᠰᠦ ᠪᠣᠷᠳᠤᠭ᠎ᠠ ᠲᠠᠷᠢᠬᠤ ᠪᠠ ᠰᠠᠭᠠᠯᠢ ᠶᠢᠨ ᠦᠨᠢᠶ᠎ᠡ ᠲᠡᠵᠢᠭᠡᠬᠦ ᠶᠢ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠰᠦ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠥᠨᠳᠦᠷᠯᠢᠭ ᠢ ᠴᠣᠭᠴᠠᠯᠠᠵᠤ᠂ ᠳᠠᠭᠠᠭᠤᠯᠤᠭᠴᠢ ᠠᠵᠤ ᠠᠬᠤᠶᠢᠯᠠᠯ ᠢᠶᠠᠷ ᠵᠢᠯᠤᠭᠤᠳᠤᠮᠵᠢ ᠪᠣᠯᠭᠠᠨ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ︽ᠰᠢᠷᠭᠡᠭ ᠡᠪᠡᠰᠦ ᠠᠴᠠ ᠴᠣᠮᠣ ᠰᠦ ᠬᠦᠷᠲᠡᠯᠡᠬᠢ︾ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠥᠪᠥᠷ ᠮᠣᠩᠭᠤᠯ ᠤᠨ ᠲᠥᠷᠥᠯ ᠲᠡᠮᠳᠡᠭ ᠢ ᠰᠠᠶᠢᠲᠤᠷ ᠴᠤᠭᠴᠠᠯᠠᠵᠤ᠂ ᠲᠥᠷᠥᠯ ᠲᠡᠮᠳᠡᠭ ᠤᠨ ᠥᠷᠢᠰᠥᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠬᠡᠯᠬᠢᠶ᠎ᠡ ᠶᠢᠨ᠂ ᠪᠦᠬᠦ ᠭᠤᠣᠯ ᠴᠣᠭᠴᠠ ᠶᠢᠨ᠂ ᠪᠦᠬᠦᠨ ᠢ ᠪᠦᠷᠬᠦᠭᠦᠯᠦᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠭᠠᠨ ᠢᠳᠡᠭᠡ ᠪᠦᠷᠢ ᠶᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠨᠠᠷᠢᠨ ᠬᠢᠨᠠᠮᠠᠭᠠᠢ ᠲᠥᠯᠥᠪᠵᠢᠭᠦᠯᠬᠦ᠂ ᠲᠤᠰᠬᠠᠢ ᠠᠩᠬᠢ ᠪᠠᠷ ᠠᠬᠢᠭᠤᠯᠬᠤ᠂ ᠬᠠᠮᠵᠢᠯᠴᠠᠨ ᠬᠦᠳᠡᠯᠦᠯᠴᠡᠬᠦ ᠶᠢ ᠴᠢᠩᠭᠠᠳᠬᠠᠵᠤ᠂ ᠥᠷᠯᠥᠭᠡ ᠦᠳᠡᠰᠢ ᠶᠢ ᠲᠡᠮᠡᠴᠡᠬᠦ᠂ ᠴᠠᠭ ᠮᠥᠴᠡ ᠲᠠᠢ ᠤᠷᠤᠯᠳᠤᠬᠤ ᠵᠣᠷᠢᠭ ᠰᠠᠨᠠᠭ᠎ᠠ ᠪᠠᠷ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠭᠠᠷ ᠬᠤᠯᠪᠣᠯᠴᠠᠨ ᠤᠷᠤᠭᠰᠢᠯᠠᠵᠤ᠂ ᠮᠠᠨ ᠤ ᠤᠯᠤᠰ ᠤᠨ ᠰᠦ ᠶᠢᠨ ᠦᠶᠯᠡᠰ ᠤᠨ ᠬᠥᠭᠵᠢᠯ ᠮᠠᠨᠳᠤᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠶᠢ ᠠᠬᠢᠭᠤᠯᠬᠤ ᠬᠡᠷᠡᠭᠲᠡᠶ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ