ᠥᠪᠡᠷᠲᠡᠭᠡᠨ ᠵᠠᠰᠠᠬᠤ ᠣᠷᠣᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/7/18

      7 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠠᠬᠢᠨ ᠲᠤᠬᠢᠷᠠᠭᠤᠯᠤᠯᠳᠠ ᠬᠢᠵᠤ᠂ ᠲᠠᠬᠢᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠡᠨ ᠪᠦᠭᠡᠳ ᠶᠠᠷᠢᠶ᠎ᠠ ᠲᠠᠯᠪᠢᠪᠠ᠃
      ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠰᠡᠷᠭᠡᠭ ᠪᠠᠶᠢᠬᠤ ᠶᠢ ᠢᠮᠠᠭᠲᠠ ᠪᠠᠷᠢᠮᠲᠠᠯᠠᠵᠤ᠂ ᠤᠯᠤᠰ ᠲᠥᠷᠥ ᠶᠢᠨ ᠲᠠᠯ᠎ᠠ ᠪᠠᠷ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠᠨ ᠲᠣᠳᠣᠷᠬᠠᠶ ᠲᠠᠨᠢᠵᠤ᠂ ᠪᠠᠶᠢᠳᠠᠯ ᠤᠨ ᠲᠠᠯ᠎ᠠ ᠠᠴᠠ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠶᠢ ᠲᠣᠳᠣᠷᠬᠠᠶ ᠲᠠᠨᠢᠵᠤ᠂ ᠬᠡᠮ ᠰᠣᠭᠤᠭ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠣᠳᠣᠷᠬᠠᠶ ᠲᠠᠨᠢᠬᠤ ᠶᠢ ᠪᠠᠷᠢᠮᠳᠠᠯᠠᠵᠤ᠂ ᠠᠮᠤᠷ ᠲᠦᠪᠰᠢᠨ ᠢ ᠰᠠᠬᠢᠬᠤ᠂ ᠲᠣᠭᠲᠠᠭᠤᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠶ᠃ ᠢᠮᠠᠭᠲᠠ ︽ᠥᠴᠦᠬᠡᠨ ᠴᠦ ᠠᠯᠳᠠᠬᠳᠠᠯ ᠭᠠᠷᠭᠠᠬᠤ ᠦᠭᠡᠢ᠂ ᠠᠯᠳᠠᠬᠳᠠᠯ ᠭᠠᠷᠪᠡᠯ ᠠᠯᠢᠪᠠ ᠪᠦᠬᠦᠨ ᠲᠠᠯᠠᠭᠠᠷ ᠪᠤᠯᠬᠤ︾ ᠲᠤᠶᠢᠯ ᠤᠨ ᠬᠢᠨᠠᠭᠤᠷ ᠪᠣᠯᠭᠤᠮᠵᠢᠲᠠᠢ ᠪᠠᠶᠢᠳᠠᠯ ᠢᠶᠠᠷ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢ ᠲᠤᠪᠤᠶᠢᠯᠭᠠᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠭᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠲᠦᠷᠭᠡᠨ ᠰᠠᠶᠢᠲᠤᠷ ᠬᠢᠬᠦ ᠬᠡᠷᠡᠭᠲᠡᠢ᠃

︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢ ᠢᠮᠠᠭᠲᠠ ᠪᠠᠷᠢᠮᠲᠠᠯᠠᠵᠤ᠂ ᠴᠠᠭ ᠲᠤᠬᠠᠢ ᠳᠤᠨᠢ ᠲᠤᠬᠢᠷᠠᠭᠤᠯᠤᠨ ᠰᠤᠳᠤᠯᠤᠨ ᠮᠠᠭᠠᠳᠯᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠩᠬᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠣᠳᠠᠲᠠᠢ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠠᠶ ᠯᠢ ᠬᠤᠸᠠ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ