7 ᠳ᠋ᠤᠭᠠᠷ ᠰᠠᠷ᠎ᠠ ᠶᠢᠨ 20 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠬᠥᠬᠡᠬᠤᠲᠠ ᠳᠤ︶ ᠨᠡᠮᠡᠭᠳᠡᠪᠡ᠃ ᠡᠨᠡ ᠨᠢ ᠪᠠᠭᠤᠳᠠᠯ ᠤᠨ ᠪᠢᠲᠡᠭᠦᠮᠵᠢᠲᠦ ᠬᠠᠮᠢᠶᠠᠷᠤᠯᠲᠠ ᠶᠢᠨ ᠠᠵᠢᠯᠲᠠᠨ | ᠪᠣᠯᠣᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 5 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ | ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ | ᠲᠣᠳᠣᠯᠠᠭᠰᠠᠨ 3 ᠡᠪᠡᠳᠴᠢᠨ ᠤ ᠵᠢᠱᠢᠶ᠎ᠡ ︵ᠴᠥᠮ ᠪᠠᠶᠠᠨᠨᠠᠭᠤᠷ ᠬᠤᠲᠠ ᠳᠤ︶ ᠢᠯᠠᠷᠢᠰᠢᠵᠤ ᠡᠮᠨᠡᠯᠭᠡ ᠠᠴᠠ ᠭᠠᠷᠪᠠ᠃ | 7 ᠳ᠋ᠤᠭᠠᠷ ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 10 ᠪᠣᠶ᠂ ᠡᠭᠦᠨ ᠳᠤ ᠬᠥᠬᠡᠬᠤᠲᠠ ᠳᠤ 1᠂ ᠪᠠᠶᠠᠨᠨᠠᠭᠤᠷ ᠬᠤᠲᠠ ᠳᠤ 9 ᠪᠣᠶ᠃ ᠬᠢᠯᠢ ᠶᠢᠨ ᠭᠠᠳᠠᠨ᠎ᠠ ᠠᠴᠠ ᠣᠷᠣᠵᠤ | ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 23 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 18 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ | ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |