7 ᠳ᠋ᠤᠭᠠᠷ ᠰᠠᠷ᠎ᠠ ᠶᠢᠨ 21 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ | ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠨᠡᠮᠡᠭᠳᠡᠭᠰᠡᠨ | ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ | ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ᠃ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠣᠭᠰᠠᠨ ᠢ ᠪᠠᠭᠲᠠᠭᠠᠨ᠎ᠠ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 1 | ᠡᠪᠡᠳᠴᠢᠨ ᠤ ᠵᠢᠱᠢᠶ᠎ᠡ ︵ᠪᠠᠶᠠᠨᠨᠠᠭᠤᠷ ᠬᠤᠲᠠ ᠳᠤ︶ ᠢᠯᠠᠷᠢᠰᠢᠵᠤ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 6 ᠲᠣᠳᠣᠯᠠᠭᠰᠠᠨ | ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠢᠯᠠᠷᠢᠰᠢᠵᠤ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ | ᠦᠭᠡᠢ 1 ᠬᠠᠯᠳᠠᠪᠤᠷᠢᠯᠠᠭᠳᠠᠭᠴᠢ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ | 7 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ | ᠭᠠᠵᠠᠷ ᠤᠨᠲ᠋ᠣᠳᠣᠯᠠᠭᠰᠠᠨ ᠡᠪᠡᠳᠴᠢᠨ ᠤ ᠵᠢᠱᠢᠶ᠎ᠡ 9 ᠪᠣᠶ᠂ ᠡᠭᠦᠨ ᠳᠤ ᠬᠥᠬᠡᠬᠤᠲᠠ ᠳᠤ 1᠂ ᠪᠠᠶᠠᠨᠨᠠᠭᠤᠷ ᠬᠤᠲᠠ ᠳᠤ 8 ᠪᠣᠶ᠃ ᠬᠢᠯᠢ ᠶᠢᠨ ᠭᠠᠳᠠᠨ᠎ᠠ ᠠᠴᠠ | ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 19 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ | ᠢᠯᠡᠷᠡᠯ ᠦᠭᠡᠢ ᠬᠠᠯᠳᠠᠪᠤᠷᠢᠯᠠᠭᠳᠠᠭᠴᠢ 16 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ | ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ | ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |