7 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠠᠭᠤᠷᠠᠶ ᠵᠠᠮ ᠤᠨ ᠴᠡᠷᠢᠭ ᠤᠨ ᠨᠢᠭᠡᠨ | ᠬᠠᠮᠲᠤᠷᠠᠭᠰᠠᠨ ᠪᠣᠯᠪᠠᠰᠤᠷᠠᠯ ᠤᠨ ᠰᠠᠭᠤᠷᠢᠨ ᠪᠣᠯᠤᠨ ᠬᠠᠭᠤᠷᠠᠶ ᠵᠠᠮ ᠤᠨ ᠴᠡᠷᠢᠭ ᠤᠨ ᠨᠡᠶᠢᠯᠡᠮᠡᠯ ᠨᠢᠭᠡᠨ ᠪᠠᠷᠢᠭᠠᠳᠠ ᠳᠤ ᠬᠦᠷᠴᠦ᠂ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠲᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ | | | | | | | | ᠰᠦᠨ ᠱᠤᠤ ᠴᠧᠩ᠂ ︽8·1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠳᠠᠯ ᠦᠭᠡᠢ ᠬᠦᠷᠴᠦ ᠢᠷᠡᠬᠦ ᠪᠣᠯᠤᠯ᠎ᠠ᠂ ᠪᠢ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠡᠮᠦᠨ᠎ᠡ ᠠᠴᠠ ᠤᠯᠠᠨ ᠢ ᠪᠤᠯᠭᠤᠭᠠᠨ ᠦᠵᠡᠵᠦ ᠪᠠᠶᠢᠭ᠎ᠠ | ᠪᠥᠭᠡᠳ ᠲᠠ ᠨᠠᠷ ᠢᠶᠠᠷ ᠳᠠᠮᠵᠢᠭᠤᠯᠤᠨ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ | ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠡᠷᠦᠭᠡ ᠶᠢᠨ ᠴᠡᠷᠢᠭ ᠤᠨ ᠪᠡᠯᠡᠳᠭᠡᠯ ᠠᠯᠪᠠᠨ ᠤ ᠬᠥᠮᠦᠰ᠂ ᠴᠡᠷᠢᠭ ᠤᠨ ᠠᠯᠪᠠ ᠠᠴᠠ ᠬᠠᠯᠠᠭᠳᠠᠭᠰᠠᠳ | ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ᠭᠡᠪᠡ᠃ ᠲᠡᠷᠡ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠪᠣᠯ ᠮᠠᠨ ᠤ ᠰᠢᠯᠢᠳᠡᠭ ᠤᠯᠠᠮᠵᠢᠯᠠᠯ ᠪᠠ ᠤᠯᠤᠰ ᠲᠦᠷᠦ ᠶᠢᠨ ᠳᠠᠪᠠᠭᠤᠯᠢᠭ ᠮᠥᠨ᠂ ᠥᠪᠥᠷ ᠮᠣᠩᠭᠤᠯ ᠰᠢᠭ᠋ ᠡᠶᠢᠮᠦᠷᠬᠦᠦ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠳᠤ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠨᠡᠩ ᠰᠠᠶᠢᠳᠤᠷ ᠡᠷᠬᠢᠮᠯᠡᠬᠦ ᠬᠡᠷᠡᠭᠲᠡᠢ᠃ ᠣᠷᠳᠣ ᠬᠤᠭᠤᠴᠠᠭᠠᠨ ᠤ ᠲᠤᠷᠰᠢ᠂ | ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠢᠳᠡᠪᠬᠢᠲᠡᠶ ᠣᠷᠣᠯᠴᠠᠭᠰᠠᠨ ᠪᠠ ᠳᠡᠮᠵᠢᠵᠦ᠂ ᠬᠤᠶᠠᠷ ᠲᠠᠯ᠎ᠠ ᠪᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠩᠭᠢ ᠪᠠ ᠣᠷᠣᠨ ᠨᠤᠲᠤᠭ ᠨᠢᠭᠡ ᠬᠡᠷ ᠤᠨ ᠬᠥᠮᠦᠨ | ᠮᠡᠲᠦ ᠳᠣᠲᠣᠨᠣ ᠪᠠᠶᠢᠬᠤ ᠶᠢ ᠢᠯᠡᠷᠡᠭᠦᠯᠵᠡᠢ᠃ ᠪᠢ ᠤᠷᠳᠤ ᠬᠤᠭᠤᠴᠠᠭ᠎ᠠ ᠪᠠᠷ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠠᠵᠢᠯ ᠢ ᠬᠢᠵᠦ | ᠪᠠᠶᠢᠭᠰᠠᠨ ᠶᠤᠮ᠂ ᠴᠡᠷᠢᠭ ᠬᠥᠮᠦᠨ ᠳᠤ ᠭᠦᠨ ᠵᠤᠵᠠᠭᠠᠨ ᠬᠠᠶᠢᠷ᠎ᠠ ᠰᠡᠳᠭᠢᠯᠭᠡ ᠲᠠᠢ᠃ ᠬᠤᠶᠢᠰᠢᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠠᠷᠢᠭᠤᠴᠠᠯᠭ᠎ᠠ ᠪᠠ ᠬᠠᠶᠢᠷ᠎ᠠ ᠰᠡᠳᠭᠢᠯᠭᠡ ᠲᠠᠢ ᠪᠠᠷ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ | ᠬᠠᠷᠠᠭᠠᠯᠵᠠᠬᠤ ᠠᠵᠢᠯ ᠢ ᠪᠣᠳᠠᠲᠠᠶ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠬᠠᠪᠰᠤᠷᠤᠨ | ᠬᠤᠶᠢᠰᠢᠳᠠ ᠶᠢᠨ ᠵᠣᠪᠠᠨᠢᠯ ᠢ ᠨᠢ ᠠᠷᠢᠯᠭᠠᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠲᠠᠢ ᠬᠠᠮᠲᠤ ᠪᠠᠷ ᠡᠬᠡ ᠤᠯᠤᠰ ᠤᠨ ︽ᠤᠮᠠᠷᠠᠲᠤ ᠶᠡᠭᠡ | ᠬᠠᠭᠠᠯᠭ᠎ᠠ︾ ᠶᠢ ᠰᠠᠶᠢᠲᠤᠷ ᠰᠠᠬᠢᠨ ᠬᠠᠮᠠᠭᠠᠯᠠᠨ᠎ᠠ ᠭᠡᠵᠡᠢ᠃ | | | | | | | | ᠰᠦᠨ ᠱᠤᠤ ᠴᠧᠩ ᠲᠤᠰ ᠰᠠᠭᠤᠷᠢᠨ ᠤ ᠲᠡᠦᠬᠡ ᠶᠢᠨ ᠣᠷᠳᠣᠨ ᠪᠣᠯᠤᠨ ᠴᠡᠷᠢᠭ ᠠᠩᠬᠢ ᠶᠢᠨ ᠵᠡᠪᠰᠡᠭ ᠲᠣᠨᠣᠭᠯᠠᠯ᠂ ᠬᠤᠸᠠᠷᠠᠨ᠂ ᠪᠣᠯᠪᠠᠰᠤᠷᠠᠯ ᠤᠨ | ᠲᠠᠯᠠᠪᠠᠢ ᠪᠠᠷ ᠲᠣᠭᠤᠷᠢᠨ ᠦᠵᠡᠵᠦ᠂ ᠳᠠᠷᠤᠭ᠎ᠠ ᠪᠠᠶᠢᠯᠳᠤᠭᠴᠢᠳ ᠲᠠᠢ ᠭᠦᠨᠵᠡᠭᠡᠢ ᠶᠠᠷᠢᠯᠴᠠᠵᠤ᠂ ᠲᠡᠳᠡᠨ ᠤ ᠪᠣᠯᠪᠠᠰᠤᠷᠠᠯ᠂ ᠠᠵᠢᠯ᠂ ᠠᠮᠢᠳᠤᠷᠠᠯ ᠵᠡᠷᠭᠡ ᠪᠠᠶᠢᠳᠠᠯ ᠢ | ᠨᠠᠷᠢᠨ ᠣᠶᠢᠯᠠᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ ᠠᠵᠢᠯᠯᠠᠭ᠎ᠠ ᠳᠤ ᠣᠷᠣᠯᠴᠠᠪᠠ᠃ |