ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠢᠷᠡᠵᠦ ᠰᠢᠨᠵᠢᠯᠡᠨ ᠪᠠᠶᠢᠴᠠᠭᠠᠵᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠠᠬᠢᠭᠤᠯᠪᠠ    ᠼᠠᠢ ᠴᠢ  ᠴᠧᠨ ᠵᠶᠢ ᠨᠢᠩ  ᠰᠦᠨ ᠱᠤᠤ ᠴᠧᠩ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2022/7/25
      7 ᠰᠠᠷ᠎ᠠ ᠶᠢᠨ 22 ᠤᠨ ᠡᠳᠦᠷ᠂ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠢᠷᠡᠵᠦ ᠰᠢᠨᠵᠢᠯᠡᠨ ᠪᠠᠶᠢᠴᠠᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠢ ᠥᠷᠨᠢᠬᠦ ᠶᠢ ᠠᠬᠢᠭᠤᠯᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠱᠦᠵᠢ ᠼᠠᠢ ᠴᠢ᠂ ᠪᠡᠭᠡᠵᠢᠩ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠧᠨ ᠵᠶᠢ ᠨᠢᠩ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠨᠡᠷ ᠬᠠᠮᠲᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠬᠤᠶᠠᠷ ᠭᠠᠵᠠᠷ ᠤᠨ ᠭᠦᠨ ᠵᠤᠵᠠᠭᠠᠨ ᠨᠥᠬᠦᠷᠯᠡᠯ ᠢ ᠬᠠᠮᠲᠤ ᠪᠠᠷ ᠬᠦᠤᠷᠨᠢᠵᠤ᠂ ᠬᠠᠮᠲᠤᠷᠠᠯᠴᠠᠨ ᠬᠥᠭᠵᠢᠬᠦ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠪᠡ᠃
1.jpg
2.jpg
3.jpg
4.jpg
5.jpg
      ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠰᠢᠯᠢ ᠶᠢᠨ ᠭᠤᠣᠯ ᠠᠶᠢᠮᠠᠭ ᠤᠨ ᠲᠠᠶᠢᠪᠤᠰᠧ ᠬᠤᠰᠢᠭᠤᠨ ᠳᠤ ᠬᠦᠷᠴᠦ᠂ ᠺᠧ ᠲᠠᠢ ᠯᠦᠩ ᠳ᠋ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠣᠮᠫᠠᠨᠢ ᠪᠣᠯᠤᠨ ᠬᠡᠷᠡᠮ ᠲᠣᠰᠬᠤᠨ ᠳᠤ ᠭᠦᠨᠵᠡᠭᠡᠶᠢᠷᠡᠵᠦ᠂ ᠠᠶᠢᠮᠠᠭ ᠬᠤᠰᠢᠭᠤ ᠬᠤᠶᠠᠷ ᠱᠠᠲᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠬᠡᠷᠡᠮ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠤᠰᠤ ᠴᠡᠪᠡᠷᠰᠢᠭᠦᠯᠬᠦ ᠲᠥᠬᠦᠭᠡᠷᠦᠮᠵᠢ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠡᠷᠦᠬᠡ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠪᠠ᠃
6.jpg
      ᠪᠡᠭᠡᠵᠢᠩ ᠬᠤᠲᠠ·ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠤᠷᠤᠨ ᠤ ᠬᠠᠮᠵᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠶᠢᠨ ᠤᠳᠤᠷᠢᠳᠤᠯᠭ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠦᠭᠰᠡᠨ ᠪᠠᠶᠢᠳᠠᠯ ᠢᠶᠠᠨ ᠲᠣᠰ ᠲᠣᠰ ᠲᠠᠨᠢᠯᠴᠠᠭᠤᠯᠵᠤ᠂ ᠼᠠᠢ ᠴᠢ᠂ ᠰᠦᠨ ᠱᠤᠤ ᠴᠧᠩ ᠶᠠᠷᠢᠶ᠎ᠠ ᠲᠠᠯᠪᠢᠪᠠ᠃
7.jpg
8.jpg
      ᠼᠠᠢ ᠴᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠭᠡᠵᠢᠩ ᠬᠤᠳᠠ ᠶᠢᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠥᠷ ᠮᠣᠩᠭᠤᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠭᠦᠨᠵᠡᠭᠡᠢ ᠰᠠᠨᠠᠭᠠᠰᠢᠷᠠᠵᠤ ᠪᠠᠶᠢᠭ᠎ᠠ ᠭᠠᠵᠠᠷ ᠤᠷᠤᠨ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠪᠥᠬᠦ ᠣᠷᠣᠨ ᠤ ᠡᠯ᠎ᠡ ᠵᠦᠶᠯ ᠤᠨ ᠠᠵᠢᠯ ᠦᠶᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ᠵᠡᠭᠦᠨ ᠪᠠᠷᠠᠭᠤᠨ ᠤᠷᠤᠨ ᠤ ᠬᠠᠮᠵᠢᠯᠴᠠᠭ᠎ᠠ ᠶᠢ ᠥᠷᠨᠢᠭᠦᠯᠬᠦ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠬᠠᠨᠳᠤᠭᠤᠯᠵᠤ ᠲᠤᠬᠳᠠᠭᠠᠬᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠥᠨ᠂ ᠪᠠᠰᠠ ᠴᠤ ᠪᠢᠳᠡᠨ ᠤ ᠬᠠᠮᠵᠢᠯᠴᠠᠭᠠᠨ ᠤ ᠬᠤᠶᠠᠷ ᠲᠠᠯ᠎ᠠ ᠶᠢᠨ ᠢᠷᠠᠭᠤ ᠠᠯᠳᠠᠷᠲᠤ ᠡᠭᠦᠷᠭᠡ ᠮᠥᠨ᠃ ᠪᠡᠭᠡᠵᠢᠩ ᠬᠤᠲᠠ ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠬᠠᠷᠢᠭᠤᠴᠠᠪᠡᠰᠦ ᠵᠣᠬᠢᠬᠤ ᠡᠭᠦᠷᠭᠡ ᠪᠠ ᠭᠦᠶᠴᠡᠳᠭᠡᠪᠡᠰᠦ ᠵᠣᠬᠢᠬᠤ ᠬᠠᠷᠢᠭᠤᠴᠠᠯᠭ᠎ᠠ ᠪᠠᠨ ᠪᠣᠯᠭᠠᠬᠤ ᠶᠢ ᠪᠠᠷᠢᠮᠲᠠᠯᠠᠵᠤ᠂ ᠲᠣᠰ ᠲᠣᠰ ᠤᠨ ᠳᠠᠪᠠᠭᠤᠯᠢᠭ ᠲᠠᠭᠠᠨ ᠰᠠᠭᠤᠷᠢᠯᠠᠨ᠂ ᠬᠠᠮᠵᠢᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷᠭᠦᠯᠵᠢᠯᠡᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠵᠠᠢ᠃       ᠼᠠᠢ ᠴᠢ᠂ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠳᠤ ᠬᠦᠴᠦᠨ ᠨᠡᠮᠡᠷᠢᠯᠡᠬᠦ ᠬᠡᠷᠡᠭᠲᠡᠢ᠃ ︽ᠭᠤᠷᠪᠠ ᠶᠢ ᠪᠠᠲᠤᠯᠠᠬᠤ︾᠂ ︽ᠳᠥᠷᠪᠡ ᠶᠢ ᠵᠤᠭᠰᠤᠭᠠᠬᠤ ᠥᠬᠡᠢ︾ ᠪᠠᠶᠢᠬᠤ ᠶᠢ ᠪᠠᠷᠢᠮᠲᠠᠯᠠᠵᠤ᠂ ᠪᠠᠯᠠ ᠮᠥᠩᠭᠦ᠂ ᠲᠥᠷᠥᠯ ᠵᠦᠶᠯ ᠪᠠ ᠺᠠᠳ᠋ᠷ ᠴᠢᠳᠠᠪᠤᠷᠢᠲᠠᠨ ᠢᠶᠠᠷ ᠬᠠᠪᠰᠤᠷᠤᠨ ᠲᠡᠳᠬᠦᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠥᠪᠥᠷ ᠮᠣᠩᠭᠤᠯ ᠤᠨ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠬᠤᠷᠢᠭ᠎ᠠ ᠱᠤᠭᠤᠮ ᠢ ᠰᠠᠬᠢᠬᠤ ᠳᠤ ᠬᠦᠴᠦᠨ ᠨᠡᠮᠡᠷᠢᠯᠡᠬᠦ ᠭᠡᠷᠡᠭᠳᠠᠢ᠃ ᠠᠵᠤ ᠦᠢᠯᠡᠰ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠡᠭᠡᠵᠢᠩ ᠤᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠬᠦᠳᠦᠯᠦᠨ ᠵᠢᠯᠣᠭᠤᠳᠴᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠣᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠬᠰᠡᠨ ᠬᠥᠮᠦᠨ ᠠᠮᠠ᠂ ᠶᠠᠳᠠᠭᠤ ᠠᠴᠠ ᠪᠠᠨ ᠰᠠᠶ᠋ᠢᠬᠠᠨ ᠠᠩᠬᠢᠵᠢᠷᠠᠬᠰᠠᠨ ᠵᠢᠴᠢ ᠠᠮᠠᠷᠬᠠᠨ ᠶᠠᠳᠠᠭᠤᠷᠠᠬᠤ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠶᠢ ᠠᠬᠢᠭᠤᠯᠬᠤ ᠭᠡᠷᠡᠭᠳᠠᠢ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠥᠷᠨᠢᠭᠦᠯᠵᠦ᠂ ᠰᠤᠷᠭᠠᠨ ᠬᠥᠮᠦᠵᠢᠯ᠂ ᠡᠷᠡᠭᠦᠯ ᠮᠡᠨᠳᠦ᠂ ᠤᠶᠤᠨ ᠤᠬᠠᠭᠠᠨ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠠᠮᠵᠢᠯᠴᠠᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠭᠡᠷᠡᠭᠳᠠᠢ᠃ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠢ ᠳᠡᠮᠵᠢᠬᠦ ᠬᠡᠷᠡᠭᠲᠡᠢ᠃ ᠬᠦᠳᠡᠭᠡ ᠲᠣᠰᠬᠤᠨ ᠤ ᠺᠠᠳ᠋ᠷᠴᠤᠳ ᠴᠢᠳᠠᠪᠤᠷᠢᠲᠠᠨ ᠤ ᠪᠣᠯᠪᠠᠰᠤᠷᠠᠯ ᠢ ᠬᠠᠮᠲᠤ ᠪᠠᠷ ᠥᠷᠨᠢᠭᠦᠯᠵᠦ᠂ ᠲᠤᠰᠠᠯᠠᠮᠵᠢ ᠬᠦᠷᠳᠡᠬᠦ ᠭᠠᠵᠠᠷ ᠢ ᠬᠠᠪᠰᠤᠷᠤᠨ ᠬᠦᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠬᠤ ᠭᠡᠷᠡᠭᠳᠠᠢ᠃ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠵᠢᠱᠢᠶ᠎ᠡ ᠦᠵᠡᠭᠦᠯᠦᠨ ᠬᠠᠪᠰᠤᠷᠤᠨ ᠲᠡᠳᠬᠦᠬᠦ ᠲᠥᠷᠥᠯ ᠵᠦᠶᠯ ᠢ ᠬᠦᠴᠦᠨ ᠢᠶᠠᠨ ᠲᠥᠪᠯᠡᠷᠡᠭᠦᠯᠦᠨ ᠬᠡᠷᠡᠭᠵᠢᠭᠦᠯᠵᠦ᠂ ᠠᠵᠤ ᠦᠶᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠶ᠂ ᠵᠣᠬᠢᠶᠠᠨ ᠪᠠᠶᠢᠭᠤᠯᠤᠯᠲᠠ ᠵᠡᠷᠭᠡ ᠶᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃       ᠼᠠᠢ ᠴᠢ᠂ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠪᠡᠭᠡᠵᠢᠩ ᠳᠤ ᠪᠠᠶᠢᠭ᠎ᠠ ᠳᠠᠭᠠᠭᠤᠯᠤᠭᠴᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠥᠪᠥᠷ ᠮᠣᠩᠭᠤᠯ ᠳᠤ ᠠᠵᠤ ᠦᠶᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠥᠪᠥᠷ ᠮᠣᠩᠭᠤᠯ ᠤᠨ ᠤᠯᠠᠮᠵᠢᠯᠠᠯᠲᠤ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ ᠭᠡᠷᠡᠭᠳᠠᠢ᠃ ᠥᠪᠥᠷ ᠮᠣᠩᠭᠤᠯ ᠤᠨ ︽ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ ᠣᠷᠤᠭᠤᠯᠬᠤ︾ ᠵᠠᠮ ᠢ ᠬᠠᠮᠲᠤ ᠪᠠᠷ ᠰᠠᠶᠢᠲᠤᠷ ᠪᠠᠶᠢᠭᠤᠯᠵᠤ᠂ ᠣᠷᠣᠨ ᠪᠦᠰᠡ ᠶᠢᠨ ᠡᠨᠧᠷᠭᠢ ᠶᠢᠨ ᠬᠠᠮᠲᠤᠷᠠᠯᠴᠠᠭᠠᠨ ᠤ ᠨᠠᠩ ᠥᠨᠳᠥᠷ ᠪᠦᠲᠦᠮᠵᠢᠲᠡᠶ ᠰᠢᠨ᠎ᠡ ᠵᠠᠭᠪᠤᠷ ᠢ ᠪᠠᠶᠢᠭᠤᠯᠬᠤ ᠭᠡᠷᠡᠭᠳᠠᠢ᠃ ᠥᠪᠥᠷ ᠮᠣᠩᠭᠤᠯ ᠤᠨ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ ᠤᠯᠠᠮ ᠴᠢᠨᠠᠬᠰᠢᠳᠠ ᠥᠷᠭᠡᠳᠭᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠤᠨ ᠪᠤᠯᠪᠠᠰᠤᠷᠠᠭᠤᠯᠤᠯᠳᠠ᠂ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠳᠠ ᠵᠡᠷᠭᠡ ᠬᠦᠷᠢᠶ᠎ᠡ ᠴᠠᠷᠠᠭ᠎ᠠ ᠳᠤ ᠬᠠᠮᠲᠤᠷᠠᠯᠴᠠᠭ᠎ᠠ ᠪᠠᠨ ᠴᠢᠩᠭᠠᠳᠬᠠᠬᠤ ᠭᠡᠷᠡᠭᠳᠠᠢ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠡᠭᠦᠳᠦᠯᠲᠡ᠂ ᠡᠨᠧᠷᠭᠢ ᠠᠷᠪᠢᠯᠠᠵᠤ ᠣᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ᠃ ︽ᠦᠨᠳᠦᠰᠦᠲᠡᠨ ᠨᠦᠭᠦᠳ ᠨᠢᠭᠡ ᠭᠡᠷ ᠤᠨ ᠬᠦᠮᠦᠨ ᠮᠠᠳᠤ ᠲᠤᠳᠤᠨᠤ︾ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠭᠡᠷᠡᠭᠳᠠᠢ᠃ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠤᠷᠤᠨ ᠤ ᠬᠠᠮᠵᠢᠯᠴᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠠᠪᠤᠨ ᠱᠠᠲᠤᠨ ᠤ ᠱᠦᠵᠢ ᠬᠠᠮᠲᠤ ᠪᠠᠷ ᠠᠳᠬᠤᠬᠤ᠂ ᠡᠯ᠎ᠡ ᠲᠣᠭᠤᠷᠢᠭ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠡᠭᠦᠷᠭᠡᠯᠡᠭᠰᠡᠨ ᠺᠠᠳ᠋ᠷ ᠤᠨ ᠪᠦᠯᠬᠦᠮ ᠪᠣᠯᠤᠨ ᠲᠤᠰᠠᠯᠠᠮᠵᠢ ᠭᠥᠷᠳᠡᠬᠦ ᠭᠠᠵᠠᠷ ᠤᠨ ᠬᠢᠨ ᠨᠢᠭᠲᠠ ᠬᠠᠮᠵᠢᠯᠴᠠᠬᠤ ᠶᠢ ᠦᠷᠭᠦᠯᠵᠢᠯᠡᠨ ᠪᠠᠷᠢᠮᠲᠠᠯᠠᠬᠤ ᠬᠡᠷᠡᠭᠲᠡᠶ ᠭᠡᠵᠤ ᠵᠢᠭᠠᠵᠤ ᠭᠠᠷᠭᠠᠪᠠ᠃       ᠰᠦᠨ ᠱᠤᠤ ᠴᠧᠩ ᠶᠠᠷᠢᠶᠠᠨ ᠳᠠᠭᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠶᠠᠪᠤᠵᠤ ᠢᠷᠡᠭᠰᠡᠨ ᠶᠡᠷᠦ ᠪᠤᠰᠤ ᠶᠢᠨ ᠥᠩᠭᠡᠷᠡᠯᠲᠡ ᠶᠢ ᠡᠷᠭᠢᠴᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠮᠦᠨ᠎ᠡ ᠠᠴᠠ ᠪᠡᠭᠡᠵᠢᠩ ᠬᠤᠲᠠ ᠶᠢᠨ ᠣᠷᠳᠣ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠲᠡᠦᠬᠡ ᠶᠢᠨ ᠰᠢᠨ᠎ᠡ ᠭᠠᠷᠤᠭ᠎ᠠ ᠲᠡᠭᠡᠷ᠎ᠡ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠳᠤ ᠰᠠᠭᠤᠷᠢᠯᠠᠨ ᠨᠠᠩ ᠣᠨᠣᠴᠠᠲᠠᠶ ᠪᠣᠳᠠᠲᠠᠶ ᠶᠢ ᠡᠷᠬᠢᠮᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠨᠡᠩ ᠢᠳᠡᠪᠬᠢᠳᠠᠢ ᠵᠢᠳᠬᠦᠯ ᠴᠢᠷᠮᠠᠶᠢᠯᠭ᠎ᠠ ᠭᠠᠷᠭᠠᠵᠤ᠂ ᠪᠡᠭᠡᠵᠢᠩ ᠤᠨ ᠬᠠᠪᠰᠤᠷᠤᠯᠭ᠎ᠠ ᠲᠡᠳᠬᠦᠮᠵᠢ᠂ ᠲᠤᠰᠠᠯᠠᠮᠵᠢ ᠶᠢ ᠥᠪᠥᠷ ᠮᠣᠩᠭᠤᠯ ᠤᠨ ᠲᠣᠰ ᠪᠡᠶ᠎ᠡ ᠶᠢᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠪᠡᠭᠡᠵᠢᠩ ᠬᠤᠲᠠ ᠲᠠᠢ ᠭᠠᠷ ᠬᠤᠯᠪᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠳᠠᠯ ᠢ ᠡᠭᠦᠳᠦᠨ᠎ᠡ ᠭᠡᠵᠤ ᠬᠡᠯᠡᠪᠡ᠃       ᠰᠦᠨ ᠱᠤᠤ ᠴᠧᠩ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠰᠡᠳᠭᠢᠴᠡ ᠪᠣᠯ ᠳᠠᠷᠤᠢ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠭᠡᠨ ᠪᠠᠶᠢᠭᠤᠯᠬᠤ ᠶᠠᠪᠤᠳᠠᠯ ᠪᠣᠯᠤᠨ᠎ᠠ᠃ ᠡᠨᠡ ᠲᠠᠪᠤᠨ ᠡᠭᠦᠷᠭᠡ ᠪᠦᠷᠢ ᠨᠢ ᠴᠦᠮ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠨᠢᠭᠲᠠ ᠬᠤᠯᠪᠣᠭ᠎ᠠ ᠲᠠᠢ ᠶᠤᠮ᠂ ᠡᠲᠡᠭᠡᠷ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠪᠠᠯ᠂ ᠮᠠᠨ ᠤ ᠣᠷᠣᠨ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠪᠠᠲᠤ ᠪᠠᠬᠢ ᠲᠤᠯᠭᠠᠭᠤᠷᠢᠯᠠᠯ ᠪᠠ ᠬᠦᠴᠦᠲᠡᠶ ᠪᠠᠲᠤᠯᠠᠭ᠎ᠠ ᠲᠠᠢ ᠪᠣᠯᠵᠣ ᠴᠢᠳᠠᠨ᠎ᠠ᠃ ᠪᠢᠳᠡ ᠪᠡᠭᠡᠵᠢᠩ ᠬᠤᠲᠠ ᠭᠦᠨ ᠵᠤᠵᠠᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠪᠣᠯᠤᠨ ᠠᠵᠤ ᠠᠬᠤᠶᠢᠯᠠᠯ ᠤᠨ ᠪᠣᠳᠠᠲᠤ ᠬᠦᠴᠦᠨ᠂ ᠯᠤᠲᠤ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠪᠣᠯᠤᠨ ᠬᠠᠷᠢᠯᠴᠠᠭ᠎ᠠ ᠬᠤᠯᠪᠤᠭᠠᠨ ᠤ  ᠠᠷᠭ᠎ᠠ ᠵᠠᠮ᠂ ᠴᠢᠳᠠᠪᠤᠷᠢᠲᠠᠨ ᠤ ᠥᠨᠳᠦᠷᠯᠢᠭ ᠭᠠᠵᠠᠷ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠠᠮᠤ ᠪᠤᠳᠠᠭ᠎ᠠ᠂ ᠡᠪᠡᠰᠦ᠂ ᠮᠢᠬ᠎ᠠ᠂ ᠰᠦ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠳᠡᠮᠵᠢᠵᠦ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠢᠯᠠᠩᠭᠤᠶ᠎ᠠ ᠴᠢᠳᠠᠪᠤᠷᠢᠲᠠᠨ ᠪᠣᠯᠤᠨ ᠮᠡᠷᠭᠡᠵᠢᠯ ᠤᠨ ᠲᠠᠯ᠎ᠠ ᠪᠠᠷ ᠥᠪᠥᠷ ᠮᠣᠩᠭᠤᠯ ᠳᠤ ᠨᠡᠩ ᠤᠯᠠᠨ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠪᠢᠳᠡ ᠯᠠᠪᠲᠠᠢ ᠬᠠᠪᠰᠤᠷᠤᠨ ᠲᠡᠳᠬᠦᠭᠰᠡᠨ ᠬᠠᠯᠠᠭᠤᠨ ᠰᠡᠳᠭᠢᠯ ᠢ ᠬᠤᠪᠢ ᠳᠠᠬᠢᠨ ᠨᠠᠨᠳᠢᠩᠨᠠᠵᠤ᠂ ᠬᠠᠮᠵᠢᠯᠴᠠᠭᠠᠨ ᠤ ᠬᠦᠴᠦᠨ ᠢ ᠦᠨᠡᠨ ᠬᠦ ᠰᠠᠶᠢᠲᠤᠷ ᠠᠰᠢᠭᠯᠠᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠲᠠᠰᠤᠷᠠᠯᠲᠠ ᠦᠭᠡᠢ ᠨᠡᠩ ᠶᠡᠭᠡ ᠰᠢᠨ᠎ᠡ ᠠᠬᠢᠴᠠ ᠲᠠᠢ ᠪᠣᠯᠬᠤ ᠶᠢ ᠠᠬᠢᠭᠤᠯᠤᠨ᠎ᠠ ᠭᠡᠵᠦ ᠬᠡᠯᠡᠪᠡ᠃       ᠰᠦᠨ ᠱᠤᠤ ᠴᠧᠩ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠬᠤ ᠳᠤ᠂ ᠥᠪᠥᠷ ᠮᠣᠩᠭᠤᠯ ᠴᠤ ᠪᠡᠭᠡᠵᠢᠩ ᠳᠤ ᠲᠤᠰᠠ ᠪᠤᠯᠪᠠᠯ ᠵᠣᠬᠢᠨ᠎ᠠ᠂ ᠨᠠᠭᠠᠳᠤ ᠵᠠᠬ᠎ᠠ ᠳᠠᠭᠠᠨ ︽ᠬᠤᠶᠠᠷ ᠢᠯᠡᠭᠦᠤ ᠬᠤᠶᠠᠷ ᠲᠤᠳᠠᠭᠤ︾ ᠶᠢ ᠪᠠᠳᠤᠯᠠᠪᠠᠯ ᠵᠣᠬᠢᠨ᠎ᠠ᠂ ᠳᠠᠷᠤᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ  ᠢᠯᠡᠭᠦᠬᠡᠨ ᠬᠦᠷᠭᠡᠵᠦ᠂ ᠪᠤᠬᠢᠷᠳᠤᠯ ᠦᠭᠡᠢ ᠴᠠᠬᠢᠯᠭᠠᠨ ᠢ ᠢᠯᠡᠭᠦᠬᠡᠨ ᠬᠦᠷᠭᠡᠵᠦ᠂ ᠰᠠᠯᠬᠢ ᠡᠯᠡᠰᠦ ᠶᠢ ᠳᠤᠲᠠᠭᠤ ᠬᠦᠷᠭᠡᠵᠦ᠂ ᠶᠠᠷᠰᠢᠭ ᠲᠤᠳᠠᠭᠤ ᠲᠠᠲᠠᠬᠤ ᠶᠠᠪᠤᠳᠠᠯ ᠪᠣᠯᠤᠨ᠎ᠠ᠃ ᠨᠡᠶᠢᠰᠯᠡᠯ ᠬᠡᠷᠡᠭᠴᠡᠭᠡ ᠲᠠᠢ ᠯᠡ ᠪᠤᠯ ᠪᠢᠳᠡ ᠯᠠᠪᠲᠠᠢ ᠪᠦᠬᠦ ᠬᠦᠴᠦ ᠪᠠᠷ ᠢᠶᠠᠨ ᠦᠢᠯᠡᠴᠢᠯᠡᠨ ᠪᠠᠲᠤᠯᠠᠵᠤ᠂ ᠡᠯ᠎ᠡ ᠵᠦᠢᠯ ᠤᠨ ᠠᠵᠢᠯ ᠢ ᠴᠥᠮ ᠱᠠᠯᠠᠪᠳᠠᠨ ᠲᠦᠷᠭᠡᠨ ᠬᠢᠵᠦ᠂ ᠪᠣᠳᠠᠲᠠᠢ ᠪᠠᠷ ᠰᠠᠶᠢᠲᠤᠷ ᠬᠢᠨ᠎ᠠ ᠭᠡᠵᠦ ᠬᠡᠯᠡᠪᠡ᠃       ᠶᠠᠷᠢᠯᠴᠠᠬᠤ ᠬᠤᠷᠠᠯ ᠤᠨ ᠳᠠᠷᠠᠭ᠎ᠠ᠂ ᠬᠤᠶᠠᠷ ᠲᠠᠯ᠎ᠠ ᠶᠢᠨ ᠤᠳᠤᠷᠢᠳᠤᠯᠭ᠎ᠠ ᠪᠡᠭᠡᠵᠢᠩ ᠬᠤᠲᠠ ᠶᠢᠨ ᠮᠠᠨ ᠤ ᠣᠷᠣᠨ ᠳᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠶᠢ ᠪᠣᠯᠭᠤᠭᠠᠨ ᠦᠵᠡᠪᠡ᠃       ᠪᠡᠭᠡᠵᠢᠩ ᠬᠤᠳᠠ ᠶᠢᠨ ᠤᠳᠤᠷᠢᠳᠤᠯᠭ᠎ᠠ ᠰᠦᠨ ᠮᠧᠢ ᠵᠢᠶᠦ᠋ᠨ᠂ ᠴᠧᠨ ᠵᠢᠶᠠᠨ᠂ ᠵᠤᠤ ᠯᠸᠢ᠂ ᠼᠦᠢ ᠱᠤ᠋ ᠴᠢᠶᠠᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠯᠢᠦ ᠱᠤᠸᠠᠩ᠂ ᠬᠤᠸᠠᠩ ᡁᠢ ᠴᠢᠶᠠᠩ᠂ ᠢᠤᠢ ᠯᠢ ᠰᠢᠨ᠂ ᠯᠢ ᠪᠢᠩ ᠷᠦᠩ ᠠᠵᠢᠯᠯᠠᠭ᠎ᠠ ᠳᠤ ᠣᠷᠣᠯᠴᠠᠪᠠ᠃ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠢᠮᠠᠭ ᠬᠤᠳᠠ᠂ ᠬᠤᠰᠢᠭᠤ ᠰᠢᠶᠠᠨ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ