| 7 ᠳ᠋ᠤᠭᠠᠷ ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ | ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠤᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ ︵ᠴᠥᠮ ᠪᠠᠶᠠᠨᠨᠠᠭᠤᠷ ᠬᠤᠲᠠ ᠳᠤ | ᠪᠤᠢ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ 2 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠴᠠᠢ ︵ᠴᠥᠮ ᠨᠡᠶᠢᠰᠯᠡᠯ ᠤᠨ | ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ | ᠪᠠᠭᠤᠭᠰᠠᠳ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 3 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ | ᠠᠵᠢᠭᠯᠠᠯᠲᠠ ᠠᠴᠠ ᠭᠠᠷᠭᠠᠵᠠᠢ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ | ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ︶᠃ | 7 ᠳ᠋ᠤᠭᠠᠷ ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 4 ᠪᠠᠶᠢᠨ᠎ᠠ᠂ ᠡᠭᠦᠨ ᠳᠤ᠂ ᠬᠥᠬᠡᠬᠤᠳᠠ ᠳᠤ 1᠂ ᠪᠠᠶᠠᠨᠨᠠᠭᠤᠷ ᠬᠤᠲᠠ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ | ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 14 ︵ᠴᠦᠮ ᠬᠦᠬᠡᠬᠤᠳᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ 10 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ | ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ | ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |