| 7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠦᠪᠦᠷ ᠮᠤᠩᠭᠤᠯ ᠤᠨ ᠲᠠᠶᠢᠪᠤᠰᠧ | ᠬᠤᠰᠢᠭᠤᠨ ᠤ ᠲᠠᠯ᠎ᠠ ᠨᠤᠲᠤᠭ ᠠᠷᠢᠬᠢ ᠨᠡᠷᠡᠬᠦ ᠬᠢᠵᠠᠭᠠᠷᠲᠤ ᠺᠤᠮᠫᠠᠨᠢ ᠳᠤ ᠬᠦᠷᠴᠦ ᠪᠠᠶᠢᠴᠠᠭᠠᠨ ᠰᠤᠳᠤᠯᠪᠠ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | | | 7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠰᠢᠯᠢ ᠶᠢᠨ ᠭᠤᠤᠯ ᠠᠶᠢᠮᠠᠭ ᠤᠨ | ᠬᠤᠩ ᠵᠢᠩ ᠶᠤᠸᠠᠨ ᠦᠭᠡᠬᠦ ᠲᠣᠰᠣᠨ ᠤ ᠬᠢᠵᠠᠭᠠᠷᠲᠤ ᠺᠣᠮᠫᠠᠨᠢ ᠳᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠤᠯᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠢ ᠤᠶᠢᠯᠠᠭᠠᠪᠠ᠃ | ᠰᠤᠷᠪᠤᠯᠵᠢᠯᠠᠭᠴᠢ ᠶᠤᠸᠠᠨ ᠶᠦᠩ ᠬᠤᠩ ᠰᠡᠭᠦᠳᠡᠷᠯᠡᠪᠡ | 7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠰᠢᠯᠢ ᠶᠢᠨ ᠭᠤᠤᠯ ᠠᠶᠢᠮᠠᠭ ᠤᠨ | ᠲᠠᠶᠢᠪᠤᠰᠧ ᠬᠤᠰᠢᠭᠤᠨ ᠳᠤ ᠠᠵᠤ ᠦᠶᠯᠡᠰ ᠤᠨ ᠬᠥᠭᠵᠢᠯᠲᠡ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠶᠯ ᠤᠨ ᠪᠠᠶᠢᠳᠠᠯ ᠢ ᠪᠠᠶᠢᠴᠠᠭᠠᠨ | ᠰᠤᠳᠤᠯᠤᠯᠲᠠ ᠬᠢᠪᠠ᠃ | ᠰᠦᠨ ᠱᠤᠤ ᠴᠧᠩ ᠲᠠᠯ᠎ᠠ ᠨᠤᠲᠤᠭ ᠠᠷᠢᠬᠢ ᠨᠡᠷᠡᠬᠦ ᠺᠣᠮᠫᠠᠨᠢ ᠪᠠ ᠥᠪᠥᠷ ᠮᠣᠩᠭᠤᠯ ᠤᠨ ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠺᠣᠮᠫᠠᠨᠢ ᠶᠢᠨ ᠦᠢᠯᠡᠳᠪᠦᠷᠢ ᠶᠢᠨ ᠲᠠᠰᠤᠭ᠂ ᠦᠵᠡᠭᠦᠯᠭᠡ ᠶᠢᠨ ᠲᠢᠩᠬᠢᠮ ᠢᠶᠠᠷ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠵᠤ᠂ | ᠠᠵᠤ ᠠᠬᠤᠶᠢᠯᠠᠯ ᠤᠨ ᠦᠢᠯᠡᠳᠬᠦᠨ ᠤ ᠦᠷᠳᠡᠭ᠂ ᠪᠣᠷᠣᠯᠠᠭᠤᠯᠭ᠎ᠠ ᠶᠢᠨ ᠬᠡᠮᠵᠢᠶ᠎ᠡ᠂ ᠠᠰᠢᠭ ᠭᠠᠶᠢᠯᠢ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠪᠦᠷᠢᠯᠡᠯ ᠤᠨ | ᠤᠷ᠎ᠠ ᠮᠡᠷᠭᠡᠰᠢᠯ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠠᠵᠢᠯ ᠣᠯᠭᠤᠯᠲᠠ ᠶᠢ ᠰᠢᠩᠭᠡᠭᠡᠨ ᠠᠪᠬᠤ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠠᠵᠤ | ᠠᠬᠤᠶᠢᠯᠠᠯ ᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠤᠨᠤᠪᠴᠢᠲᠠᠢ ᠵᠣᠯᠭᠠᠭᠤᠯᠵᠤ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠢᠶᠠᠨ ᠢᠳᠡᠪᠬᠢᠲᠡᠢ | ᠰᠠᠶᠢᠵᠢᠷᠠᠭᠤᠯᠵᠤ᠂ ᠡᠵᠡᠩᠨᠡᠯᠲᠡ ᠶᠢᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠲᠡᠷᠡ᠂ ᠨᠥᠬᠦᠴᠡᠯ ᠲᠠᠢ ᠠᠵᠤ ᠠᠬᠤᠶᠢᠯᠠᠯ ᠤᠳ ᠪᠡᠶᠡᠴᠢᠯᠡᠨ | ᠣᠶᠢᠯᠠᠭᠠᠬᠤ ᠮᠠᠶ᠋ᠢᠭ ᠤᠨ ᠠᠵᠤ ᠦᠶᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠵᠦ᠂ ᠦᠶᠯᠡᠳᠪᠦᠷᠢ ᠶᠢᠨ ᠲᠣᠭᠤᠷᠢᠭ ᠤᠨ ᠦᠵᠡᠮᠵᠢ᠂ ᠦᠶᠯᠡᠳᠪᠦᠷᠢᠯᠡᠯ ᠤᠨ ᠶᠠᠪᠤᠴᠠ᠂ | ᠠᠵᠤ ᠠᠬᠤᠶᠢᠯᠠᠯ ᠤᠨ ᠰᠣᠶᠣᠯ᠂ ᠦᠶᠯᠡᠳᠬᠦᠨ ᠤ ᠳᠡᠯᠭᠡᠨ ᠪᠣᠷᠣᠯᠠᠭᠤᠯᠭ᠎ᠠ ᠵᠡᠷᠭᠡ ᠪᠠᠷ ᠠᠴᠢᠶᠠᠯᠠᠪᠤᠷᠢ ᠪᠣᠯᠭᠠᠵᠤ᠂ ᠨᠠᠩ ᠣᠯᠠᠨ ᠬᠥᠮᠦᠰ ᠤᠨ ᠬᠦᠷᠢᠶᠡᠯᠡᠩ ᠠᠵᠤ | ᠠᠬᠤᠶᠢᠯᠠᠯ ᠳᠤ ᠬᠦᠷᠴᠦ ᠢᠷᠡᠬᠦ ᠶᠢ ᠲᠠᠲᠠᠨ᠂ ᠦᠶᠯᠡᠳᠬᠦᠨ ᠢᠶᠠᠨ ᠤᠬᠠᠭᠤᠯᠤᠨ᠂ ᠨᠥᠯᠥᠭᠡ ᠪᠠᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠢᠶᠠᠨ ᠥᠷᠭᠡᠳᠭᠡᠨ᠂ ᠠᠰᠢᠭ | ᠣᠷᠣᠯᠭ᠎ᠠ ᠪᠠᠨ ᠨᠡᠮᠡᠭᠳᠡᠭᠦᠯᠬᠦ ᠵᠣᠷᠢᠯᠭ᠎ᠠ ᠳᠤ ᠬᠦᠷᠴᠦ ᠪᠣᠯᠤᠨ᠎ᠠ ᠭᠡᠵᠡᠢ᠃ | ᠬᠤᠩ ᠵᠢᠩ ᠶᠤᠸᠠᠨ ᠦᠭᠡᠬᠦ ᠲᠣᠰᠣᠨ ᠤ ᠬᠢᠵᠠᠭᠠᠷᠲᠤ ᠺᠣᠮᠫᠠᠨᠢ ᠳᠤ᠂ ᠰᠦᠨ ᠱᠤᠤ ᠴᠧᠩ ᠴᠢᠳᠬᠤᠨ ᠰᠠᠪᠠᠯᠠᠬᠤ ᠦᠶᠯᠡᠳᠪᠦᠷᠢ ᠶᠢᠨ ᠲᠠᠰᠤᠭ᠂ | ᠦᠶᠯᠡᠳᠬᠦᠨ ᠤ ᠲᠡᠯᠭᠡᠨ ᠦᠵᠡᠭᠦᠯᠭᠡ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠤᠨ ᠲᠣᠰᠣᠯᠢᠭ ᠲᠠᠷᠢᠮᠠᠯ ᠳᠠᠷᠢᠬᠤ ᠪᠠ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠭᠰᠠᠨ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠵᠤ᠂ ᠲᠤᠰ ᠠᠵᠤ ᠠᠬᠤᠶᠢᠯᠠᠯ ᠢ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢᠨ ᠡᠨᠡ ᠬᠦ ᠲᠣᠮᠣ ᠲᠠᠪᠴᠠᠩ ᠢ ᠠᠰᠢᠭᠯᠠᠨ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠪᠠ ᠬᠠᠷᠠᠯᠲᠠᠳᠦ ᠬᠡᠷᠡᠭᠯᠡᠭᠴᠢ ᠪᠠᠨ ᠣᠨᠤᠪᠴᠢᠳᠠᠢ ᠡᠷᠢᠵᠦ᠂ | ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠤᠯᠠᠮ ᠴᠢᠨᠠᠬᠰᠢᠳᠠ ᠥᠷᠭᠡᠳᠭᠡᠵᠦ᠂ ᠪᠣᠳᠠᠲᠤ ᠬᠦᠴᠦᠨ ᠢᠶᠠᠨ ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠶ ᠭᠡᠵᠦ | ᠵᠠᠬᠢᠪᠠ᠃ ᠲᠡᠷᠡ᠂ ᠪᠢᠳᠡ ᠶᠠᠭ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ | ᠪᠠᠶᠢᠭᠤᠯᠵᠤ ᠪᠠᠶᠢᠨ᠎ᠠ᠂ ᠡᠨᠡ ᠬᠦ ᠶᠡᠭᠡ ᠶᠠᠪᠤᠳᠠᠯ ᠢ ᠰᠠᠶᠢᠲᠤᠷ ᠠᠳᠬᠤᠬᠤ ᠳᠤ ᠡᠷᠬᠡᠪᠰᠢ ᠨᠢᠭᠡᠳᠦᠯᠲᠡᠢ ᠲᠥᠯᠥᠪᠵᠢᠭᠦᠯᠭᠡ ᠶᠢ ᠰᠠᠶᠢᠳᠤᠷ ᠬᠢᠬᠦ ᠶᠢ ᠨᠡᠩ ᠴᠢᠬᠤᠯᠠᠴᠢᠯᠠᠵᠤ᠂ | ᠬᠡᠪᠴᠢᠶᠡᠵᠢᠭᠰᠡᠨ ᠬᠥᠭᠵᠢᠯᠲᠡ ᠶᠢ ᠨᠡᠩ ᠴᠢᠬᠤᠯᠠᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠤᠨ᠂ ᠣᠷᠣᠨ | ᠲᠤᠭᠤᠷᠢᠭ ᠬᠤᠪᠢᠶᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠪᠠ ᠴᠢᠨᠠᠷ ᠰᠠᠶᠢᠲᠠᠢ ᠲᠡᠵᠢᠭᠡᠯ | ᠡᠪᠡᠰᠦ ᠶᠢ ᠬᠡᠪᠴᠢᠶᠡᠵᠢᠭᠦᠯᠦᠨ ᠲᠠᠷᠢᠵᠤ᠂ ᠬᠡᠮᠵᠢᠶ᠎ᠡ ᠪᠠᠨ ᠨᠡᠮᠡᠭᠳᠡᠭᠦᠯᠦᠨ᠂ ᠨᠢᠬᠡ ᠪᠥᠯᠥᠭ ᠢᠯᠡ ᠲᠣᠳᠣ ᠤᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠦᠰᠡ ᠶᠢ | ᠪᠤᠢ ᠪᠣᠯᠭᠠᠵᠤ᠂ ᠬᠡᠪᠴᠢᠶᠡᠵᠢᠭᠰᠡᠨ ᠦᠷ᠎ᠡ ᠪᠥᠳᠥᠮᠵᠢ ᠶᠢ ᠡᠬᠦᠳᠴᠤ᠂ ᠥᠪᠡᠷ ᠥᠪᠡᠷ ᠤᠨ ᠬᠢ ᠪᠠᠨ ᠬᠢᠵᠥ᠂ ᠰᠤᠯᠠ ᠵᠠᠳᠠᠭᠠᠢ ᠪᠠᠶᠢᠬᠤ ᠠᠴᠠ ᠰᠡᠷᠭᠡᠶᠢᠯᠡᠬᠦ ᠬᠡᠷᠡᠭᠲᠡᠢ | ᠭᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃ |