ᠮᠠᠨ ᠤ ᠣᠷᠣᠨ ᠤ 7 ᠳ᠋ᠤᠭᠠᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/7/26

      7 ᠳ᠋ᠤᠭᠠᠷ ᠰᠠᠷ᠎ᠠ ᠶᠢᠨ 25 ᠤ ᠡᠳᠦᠷ ᠤᠨ 0 ᠠᠴᠠ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 2 ᠡᠪᠡᠳᠴᠢᠨ ᠤ ᠵᠢᠱᠢᠶ᠎ᠡ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠢᠯᠠᠷᠢᠰᠢᠵᠤ ᠡᠮᠨᠡᠯᠭᠡ ᠠᠴᠠ ᠭᠠᠷᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ 2 ᠬᠠᠯᠳᠠᠪᠤᠷᠢᠯᠠᠭᠳᠠᠭᠴᠢ ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠵᠠᠢ᠃

      7 ᠳ᠋ᠤᠭᠠᠷ ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠳᠤ ᠣᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ᠪᠠᠶᠢᠨ᠎ᠠ᠂ ᠡᠭᠦᠨ ᠳᠤ᠂ ᠬᠥᠬᠡᠬᠤᠳᠠ ᠳᠤ 1᠂ ᠪᠠᠶᠠᠨᠨᠠᠭᠤᠷ ᠬᠤᠲᠠ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 12 ︵ᠴᠦᠮ ᠬᠦᠬᠡᠬᠤᠳᠠ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ︵ᠴᠦᠮ ᠬᠦᠬᠡᠬᠤᠳᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠦᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ