ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/7/27
      7 ᠰᠠᠷ᠎ᠠ ᠶᠢᠨ 25 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠵᠢᠷᠭᠤᠳᠤᠭᠠᠷ ᠬᠤᠷᠠᠯ ᠡᠬᠢᠯᠡᠬᠦ ᠶᠢᠨ ᠬᠠᠮᠳᠤ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠬᠢᠪᠡ᠃       ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠳᠤ ᠤᠳᠤ 63 ᠪᠦᠷᠢᠯᠳᠦᠬᠦᠨ ᠲᠠᠢ᠂ 59 ᠬᠦᠮᠦᠨ ᠲᠤᠰ ᠤᠳᠠᠭᠠᠨ ᠤ ᠬᠤᠷᠠᠯ ᠳᠤ ᠤᠷᠤᠯᠴᠠᠵᠤ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠪᠡ᠃       ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠲᠡᠳ᠋ ᠡᠷᠬᠢᠯᠡᠭᠴᠢ ᠯᠢᠨ ᠱᠤᠤ ᠴᠦᠨ ᠬᠤᠷᠠᠯ ᠢ ᠡᠷᠬᠢᠯᠡᠵᠦ᠂ ᠲᠡᠳ᠋ ᠡᠷᠬᠢᠯᠡᠭᠴᠢ ᠯᠢ ᠷᠦᠡᠭ ᠰᠢ᠂ ᠵᠠᠩ ᠶᠤᠸᠠᠨ ᠵᠦᠡᠭ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠲᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠬᠡᠰᠢᠬᠦᠳ ᠬᠤᠷᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠬᠤᠸᠠᠩ ᡁᠢ ᠴᠢᠶᠠᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠰᠢᠶᠠᠨ ᠬᠤᠸᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠲᠠᠷᠤᠭ᠎ᠠ ᠶᠠᠩ ᠽᠦᠡᠭ ᠷᠧᠨ ᠬᠤᠷᠠᠯ ᠳᠤ ᠰᠤᠯᠠ ᠤᠷᠤᠯᠴᠠᠵᠠᠢ᠃       ᠬᠤᠷᠠᠯ ᠤᠨ ᠵᠥᠪᠯᠡᠬᠦ ᠵᠦᠶᠯᠡᠰ ᠢ ᠪᠠᠲᠤᠯᠠᠬᠰᠠᠨ ᠤ ᠲᠠᠷᠠᠭ᠎ᠠ᠂ ᠬᠤᠷᠠᠯ ᠠᠴᠠ ᠬᠤᠸᠠᠩ ᡁᠢ ᠴᠢᠶᠠᠩ ᠤᠨ ᠬᠢᠭᠰᠡᠨ 2022 ᠣᠨ ᠤ ᠳᠡᠭᠡᠷ᠎ᠡ ᠬᠠᠭᠠᠰ ᠵᠢᠯ ᠤᠨ ᠪᠥᠬᠦ ᠣᠷᠣᠨ ᠤ ᠠᠵᠤ ᠠᠬᠤᠶ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠲᠤᠰᠢᠶᠠᠯ ᠳᠤ ᠲᠤᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠲᠡᠪᠰᠢᠬᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠤᠳᠤᠷᠬᠠᠶᠢᠯᠠᠯᠳᠠ ᠶᠢ ᠰᠣᠨᠣᠰᠪᠠ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠠᠵᠤ ᠠᠬᠤᠶ ᠶᠢᠨ ᠬᠠᠷᠠᠯᠲᠠᠲᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠪᠢᠯᠢᠭᠬᠦᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠤᠷᠳᠤ ᠡᠳ᠋ ᠴᠠᠭᠠᠵᠠᠯᠠᠬᠤ ᠲᠦᠷᠢᠮ ︵ᠲᠥᠰᠦᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠶ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠲᠦᠷᠢᠮ ︵ᠲᠥᠰᠦᠯ︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠰᠡᠴᠡᠨᠪᠢᠯᠢᠭ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠶᠠᠩ ᠵᠢᠶᠧ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠬᠤ᠋ ᠹᠧᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠲᠦᠷᠢᠮ ︵ᠲᠥᠰᠦᠯ︶︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠹᠧᠩ ᠷᠧᠨ ᠹᠸᠢ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︾ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠶ ᠶᠦᠩ ᠫᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠦᠯ︶ ᠤᠨ ᠲᠤᠬᠠᠶ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠶ 3 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠦᠯ︶ ᠤᠨ ᠲᠤᠬᠠᠶ ᠲᠣᠳᠣᠷᠬᠠᠶᠢᠯᠠᠯᠲᠠ ᠶᠢ ᠲᠤᠰ ᠲᠤᠰ ᠰᠤᠨᠤᠰᠪᠠ᠃       ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯᠳᠠᠨ ᠤ ᠶᠠᠪᠤᠳᠠᠯ ᠤᠨ ᠲᠥᠯᠥᠭᠡᠯᠡᠭᠴᠢ ᠰᠤᠩᠭᠤᠭᠤᠯᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠰᠦᠨ ᠸᠧᠢ ᠳ᠋ᠦᠩ ᠤᠨ ᠬᠢᠭᠰᠡᠨ ︽ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠪᠠ ᠰᠣᠩᠭᠤᠭᠤᠯᠢ ᠶᠢᠨ ᠠᠰᠠᠭᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︵ᠲᠥᠰᠦᠯ︶︾ ᠤᠨ ᠲᠤᠬᠠᠢ ᠲᠣᠳᠣᠷᠬᠠᠶᠢᠯᠠᠯᠲᠠ ᠪᠠ ︽ᠲᠣᠭᠤᠷᠢᠭ ᠲᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠣᠷᠣᠨ ᠲᠤᠭ᠎ᠠ ᠶᠢ ᠲᠠᠬᠢᠨ ᠲᠣᠭᠲᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶︾ ᠤᠨ ᠲᠤᠬᠠᠢ ᠲᠣᠳᠣᠷᠬᠠᠶᠢᠯᠠᠯᠲᠠ ᠶᠢ ᠰᠤᠨᠤᠰᠪᠠ︔ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠦᠨ ᠸᠧᠢ ᠳ᠋ᠦᠩ ᠤᠨ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠯᠢ ᠷᠦᠩ ᠰᠢ ᠶᠢᠨ ᠬᠢᠭᠰᠡᠨ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾  ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ᠂ ᠵᠠᠩ ᠶᠤᠸᠠᠨ ᠵᠦᠩ ᠤᠨ ᠬᠢᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠪᠣᠣ ᠰᠢᠶᠠᠨ ᠬᠤᠸᠠ ᠶᠢᠨ ᠬᠢᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ ᠠᠬᠢᠭᠤᠯᠬᠤ ᠲᠤᠬᠠᠢ ᠮᠡᠳᠡᠭᠦᠯᠦᠯᠲᠡ ᠶᠢ ᠳᠤᠰ ᠳᠤᠰ ᠰᠤᠨᠤᠰᠪᠠ︔ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠤᠨ ᠬᠢᠭᠰᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠯᠳᠠ ᠬᠢᠭᠰᠡᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠪᠠᠰᠠ ᠬᠡᠰᠡᠭ ᠲᠣᠭᠤᠷᠢᠭ ᠲᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠰᠢᠶᠡᠷᠡᠭᠦᠯᠬᠦ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠦᠷᠢᠮ ᠤᠨ ᠲᠣᠳᠣᠷᠬᠠᠶᠢᠯᠠᠯᠲᠠ ᠶᠢ ᠪᠢᠴᠢᠭ ᠤᠨ ᠬᠡᠯᠪᠡᠷᠢ ᠪᠠᠷ ᠰᠣᠨᠣᠰᠪᠠ᠃       ᠬᠤᠷᠠᠯ ᠤᠨ ᠡᠳᠦᠷ ᠤᠨ ᠳᠠᠷᠠᠭᠠᠯᠠᠯ ᠢᠶᠠᠷ᠂ 7 ᠰᠠᠷ᠎ᠠ ᠶᠢᠨ 25 ᠤ ᠦᠳᠡ ᠶᠢᠨ ᠬᠤᠶᠢᠨ᠎ᠠ ᠪᠠ 26 ᠤ ᠦᠳᠡ ᠶᠢᠨ ᠡᠮᠦᠨ᠎ᠡ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠳᠤᠭᠤᠶᠢᠯᠠᠩ ᠬᠤᠪᠢᠶᠠᠵᠦ ᠳᠡᠭᠡᠷ᠎ᠡ ᠳᠤᠷᠠᠳᠤᠭᠰᠠᠨ ᠵᠥᠪᠯᠡᠬᠦ ᠰᠡᠳᠦᠪ ᠢ ᠬᠢᠨᠠᠨ ᠵᠥᠪᠯᠡᠪᠠ᠃       ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠬᠡᠰᠡᠭ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠲᠠᠢ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠨᠥᠬᠦᠳ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ