7 ᠰᠠᠷ᠎ᠠ ᠶᠢᠨ 18 ᠠᠴᠠ 22 ᠤᠨ ᠡᠳᠦᠷ ᠪᠣᠯᠲᠠᠯ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠪᠠᠶᠢᠴᠠᠭᠠᠨ | ᠰᠤᠳᠤᠯᠬᠤ ᠳᠤᠭᠤᠶᠢᠯᠠᠩ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ | ᠳᠣᠣᠷᠠᠬᠢ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ︾ ᠤ ᠲᠣᠭᠤᠷᠢᠨ ᠳᠤ ᠬᠥᠬᠡᠬᠤᠲᠠ᠂ ᠤᠷᠳᠤᠰ | ᠬᠤᠳᠠ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠸᠧᠢ ᠮᠢᠨ | ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠨᠠᠰᠤᠨᠮᠦ᠋ᠡᠭᠭᠡ᠂ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠬᠤᠸᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠭᠡᠰᠢᠭᠦᠨ ᠶᠠᠩ ᠮᠢᠩ ᠱᠧᠩ᠂ ᠰᠧ ᠽᠧ ᠹᠦ᠋᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠭᠡᠰᠢᠭᠦᠨ | ᠰᠦᠩ ᠰᠢᠨ᠂ ᠲᠦ᠋ ᠭᠤᠸᠠᠩ ᠱᠤᠤ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠰᠢᠤ ᠯᠢᠩ | ᠬᠥᠬᠡᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ | ᠴᠦᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠤᠳᠤᠯᠭᠠᠨ ᠤ ᠰᠡᠳᠦᠪ ᠤᠨ ᠳᠤᠭᠤᠶᠢᠯᠠᠩ ᠤᠨ ᠪᠦᠷᠢᠯᠳᠦᠬᠦᠨ ᠳᠤ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠲᠥᠯᠥᠪᠵᠢᠭᠦᠯᠭᠡ ᠶᠢᠨ ᠲᠤᠰᠬᠠᠶ ᠮᠡᠷᠭᠡᠵᠢᠯᠲᠡᠨ ᠤ ᠵᠥᠪᠯᠡᠯ ᠤᠨ ᠲᠤᠰᠬᠠᠶ ᠮᠡᠷᠭᠡᠵᠢᠯᠲᠡᠨ ᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠪᠥᠬᠦ ᠶᠠᠪᠤᠴᠠ ᠳᠤ ᠪᠠᠶᠢᠴᠠᠭᠠᠨ ᠰᠤᠳᠤᠯᠤᠯᠲᠠ ᠳᠤ | ᠣᠷᠣᠯᠴᠠᠭᠰᠠᠨ ᠪᠥᠭᠡᠳ ᠣᠷᠳᠣᠰ ᠬᠤᠲᠠ ᠳᠤ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠢ ᠡᠷᠭᠢᠯᠡᠪᠡ᠃ | ᠣᠶᠢᠯᠠᠭᠠᠭᠰᠠᠨ ᠢᠶᠠᠷ᠂ ᠡᠨᠡ ᠪᠣᠯ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠠᠴᠠ ᠭᠤᠷᠪᠠᠳᠤᠭᠠᠷ ᠤᠳᠠᠭ᠎ᠠ ᠮᠠᠨ ᠤ ᠣᠷᠣᠨ ᠳᠤ ᠥᠷᠨᠢᠭᠦᠯᠦᠭᠰᠡᠨ | ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠶᠢᠳᠠᠯ ᠳᠣᠣᠷᠠᠬᠢ ᠥᠪᠥᠷ | ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ︾ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠪᠣᠯᠤᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ︽ᠬᠤᠤᠰ ᠨᠡᠭᠦᠷᠡᠰᠦᠲᠥ᠋ᠷᠥᠭᠴᠢ︾ ᠶᠢᠨ ᠠᠵᠢᠯ ᠢ ᠰᠠᠶᠢᠲᠤᠷ ᠬᠢᠬᠦ ᠨᠢ ᠥᠪᠥᠷ ᠮᠣᠩᠭᠤᠯ ᠤᠨ ᠠᠮᠢ ᠠᠬᠤᠶ ᠶᠢ | ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠧᠷᠭᠢ ᠶᠢᠨ ᠪᠦᠲᠦᠴᠡ᠂ | ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠵᠠᠪᠠᠯ ᠬᠢᠬᠦ ᠴᠢᠬᠤᠯᠠᠲᠠᠢ ᠪᠤᠯᠵᠤ ᠪᠠᠶᠢᠨ᠎ᠠ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠵᠦ᠂ ᠪᠦᠬᠦ | ᠲᠠᠯ᠎ᠠ ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠡᠷᠡᠰ ᠭᠤᠶᠢᠪᠢᠰᠢ ᠦᠭᠡᠢ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠨᠡᠭᠦᠷᠡᠰᠦ ᠶᠢ ᠠᠷᠢᠭᠤᠨ ᠴᠡᠪᠡᠷ | ᠥᠨᠳᠥᠷ ᠪᠦᠲᠦᠮᠵᠢᠲᠡᠢ ᠠᠰᠢᠭᠯᠠᠬᠤ ᠶᠢ ᠰᠠᠶᠢᠲᠤᠷ ᠠᠳᠬᠤᠬᠤ ᠶᠢᠨ ᠬᠠᠮᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠠᠮᠢᠳᠤᠯᠢᠭ | ᠥᠭᠡᠷᠡᠴᠢᠯᠡᠯᠲᠡ ᠶᠢ ᠲᠦᠷᠭᠡᠳᠭᠡᠵᠦ᠂ ᠪᠣᠬᠢᠷᠲᠤᠯ ᠦᠭᠡᠢ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ | ᠬᠢᠨᠠᠨ ᠰᠢᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢ ᠬᠢᠵᠠᠭᠠᠷᠯᠠᠬᠤ ᠲᠦᠷᠢᠮ ᠢ ᠲᠡᠭᠦᠯᠳᠡᠷᠵᠢᠭᠦᠯᠵᠦ᠂ ︽ᠬᠤᠤᠰ | ᠨᠡᠭᠦᠷᠡᠰᠦᠲᠥ᠋ᠷᠥᠭᠴᠢ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠣᠷᠣᠭᠤᠯᠵᠤ᠂ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠬᠢᠵᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠬᠡᠷᠡᠭᠲᠡᠶ ᠬᠡᠵᠥ ᠦᠵᠡᠪᠡ᠃ |