ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/7/27
      7 ᠳ᠋ᠤᠭᠠᠷ ᠰᠠᠷ᠎ᠠ ᠶᠢᠨ 26 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠲᠣᠳᠣᠯᠠᠭᠰᠠᠨ 1 ᠡᠪᠡᠳᠴᠢᠨ ᠤ ᠵᠢᠱᠢᠶ᠎ᠡ ︵ᠪᠠᠶᠠᠨᠨᠠᠭᠤᠷ ᠬᠤᠲᠠ ᠳᠤ︶ ᠢᠯᠠᠷᠢᠰᠢᠵᠤ ᠡᠮᠨᠡᠯᠭᠡ ᠠᠴᠠ ᠭᠠᠷᠪᠠ᠃      7 ᠳ᠋ᠤᠭᠠᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ᠪᠣᠢ᠂ ᠡᠭᠦᠨ ᠳᠤ ᠬᠥᠬᠡᠬᠤᠲᠠ ᠳᠤ 1᠂ ᠪᠠᠶᠠᠨᠨᠠᠭᠤᠷ ᠬᠤᠲᠠ ᠳᠤ 2 ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 12 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 11 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ