7 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠮᠤᠵᠢ | ᠶᠠᠮᠤᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠢ ᠤᠭᠲᠤᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ | ᠴᠧᠩ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠡᠨᠡ ᠤᠳᠠᠭ᠎ᠠ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠠᠩᠬᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ | ᠪᠠᠶᠢᠵᠥ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠤᠯᠤᠰ ᠲᠦᠷᠦ ᠶᠢᠨ | ᠲᠤᠩᠬᠠᠭ ᠮᠥᠨ᠂ ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠭᠡᠬᠦ᠂ ᠪᠦᠬᠦ ᠨᠠᠮ ᠤᠨ ᠵᠣᠷᠢᠭ ᠰᠠᠨᠠᠭ᠎ᠠ ᠶᠢ ᠨᠢᠭᠡᠳᠭᠡᠬᠦ᠂ ᠪᠦᠬᠦ ᠨᠠᠮ ᠤᠨ ᠠᠵᠢᠯᠯᠠᠭ᠎ᠠ ᠶᠢ ᠨᠢᠭᠡᠳᠭᠡᠬᠦ | ᠤᠯᠤᠰ ᠲᠦᠷᠦ ᠶᠢᠨ ᠬᠥᠲᠥᠯᠪᠦᠷᠢ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠢ ᠰᠠᠶᠢᠲᠤᠷ ᠬᠤᠷᠠᠯᠳᠤᠭᠤᠯᠬᠤ ᠳᠤ ᠴᠢᠬᠤᠯᠠ ᠤᠯᠤᠰ ᠲᠦᠷᠦ ᠶᠢᠨ ᠰᠠᠭᠤᠷᠢ᠂ | ᠦᠵᠡᠯ ᠰᠠᠨᠠᠭᠠᠨ ᠤ ᠰᠠᠭᠤᠷᠢ᠂ ᠤᠨᠤᠯ ᠤᠨ ᠰᠠᠭᠤᠷᠢ ᠶᠢ ᠲᠠᠯᠪᠢᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ︽ᠬᠤᠶᠠᠷ ᠢ ᠲᠣᠭᠲᠠᠭᠠᠬᠰᠠᠨ︾ ᠢ ᠡᠷᠡᠰ ᠪᠠᠳᠤ ᠤᠬᠠᠮᠰᠠᠷ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠭᠤᠶᠢᠪᠢᠰᠢ | ᠦᠭᠡᠢ ᠪᠡᠶᠡᠯᠡᠭᠦᠯᠬᠦ ᠬᠡᠷᠡᠭᠲᠡᠢ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢᠬᠢ ᠡᠨᠡ 10 ᠵᠢᠯ ᠬᠡᠳᠦᠶᠢᠪᠡᠷ ᠲᠡᠶᠢᠮᠦ ᠣᠷᠳᠣ ᠪᠢᠰᠢ ᠪᠣᠯᠪᠠᠴᠤ ᠮᠠᠨ ᠤ | ᠤᠯᠤᠰ ᠤᠨ ︽ᠲᠡᠦᠬᠡᠨ ᠳᠡᠭᠡᠷᠡᠬᠢ ᠬᠥᠭᠵᠢᠯᠲᠡ ᠪᠠᠷ ᠬᠠᠮᠤᠭ ᠤᠨ ᠰᠠᠶᠢᠨ ᠴᠠᠭ ᠦᠶ᠎ᠡ︾ ᠪᠣᠯᠬᠤ ᠶᠤᠮ᠃ ᠨᠠᠮ ᠪᠣᠯᠤᠨ ᠤᠯᠤᠰ ᠤᠨ ᠠᠵᠢᠯ ᠦᠢᠯᠡᠰ ᠤᠨ ᠯᠤᠲᠤ | ᠶᠡᠭᠡ ᠬᠤᠪᠢᠰᠤᠯᠲᠠ ᠨᠢ ᠳᠤᠮᠳᠠᠳᠤ ᠤᠯᠤᠰ ᠢ ᠭᠦᠨᠵᠡᠭᠡᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠳᠡᠯᠡᠬᠡᠢ ᠶᠢᠨ ᠪᠠᠶᠢᠷᠢᠰᠢᠯ ᠪᠣᠯᠤᠨ ᠬᠥᠮᠦᠨ ᠲᠥᠷᠥᠯᠬᠢᠲᠡᠨ ᠤ | ᠪᠣᠯᠪᠠᠰᠤᠨ ᠤ ᠪᠠᠶᠢᠷᠢᠯᠠᠯ ᠢ ᠴᠦ ᠭᠦᠨᠵᠡᠭᠡᠢ ᠬᠤᠪᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠯᠠᠪᠳᠠᠭᠤᠨ ᠪᠠᠲᠤᠳᠠᠢ ᠨᠢᠭᠡ | ᠠᠯᠬᠤᠮ ᠤᠷᠤᠭᠰᠢᠯᠠᠭᠤᠯᠵᠤ᠂ ᠪᠤᠴᠠᠵᠤ ᠪᠤᠯᠤᠰᠢ ᠦᠭᠡᠢ ᠲᠦᠷᠭᠡᠳᠬᠦ ᠬᠤᠭᠤᠴᠠᠭᠠᠨ ᠳᠤ ᠣᠷᠣᠭᠤᠯᠵᠠᠢ᠃ ᠡᠶᠢᠮᠦᠷᠬᠦ ᠭᠠᠷᠮᠠᠭᠠᠢ ᠠᠮᠵᠢᠯᠲᠠ ᠣᠯᠤᠭᠰᠠᠨ ᠤ | ᠬᠠᠮᠤᠭ ᠤᠨ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠃ | ᠪᠢᠳᠡ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠦᠭᠡ ᠶᠠᠷᠢᠶ᠎ᠠ ᠦᠢᠯᠡ | ᠠᠵᠢᠯᠯᠠᠭ᠎ᠠ ᠨᠢᠭᠡᠳᠦᠯᠲᠡᠢ ᠪᠠᠷ ᠶᠡᠷᠦᠩᠬᠡᠢ ᠱᠦᠵᠢ ᠰᠢ ᠶᠢᠨ ᠫᠢᠩ ᠢ ᠴᠢᠩᠭ᠎ᠠ ᠳᠠᠭᠠᠵᠤ ᠤᠷᠤᠬᠰᠢᠯᠠᠨ ᠳᠡᠮᠡᠴᠡᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠰᠤᠷᠤᠯᠴᠠᠨ ᠡᠵᠡᠮᠰᠢᠵᠥ ᠨᠡᠪᠲᠡᠷᠡᠲᠡᠯ᠎ᠡ | ᠤᠢᠢᠯᠠᠭᠠᠵᠥ ᠪᠣᠳᠠᠲᠠᠶᠢᠵᠢᠭᠤᠯᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠴᠢᠯᠡᠵᠤ᠂ ᠪᠠᠶᠢᠩᠭᠤ ᠤᠬᠠᠪᠤᠷᠢᠯᠠᠨ ᠪᠠᠶᠢᠩᠭᠤ ᠳᠠᠪᠰᠢᠵᠥ᠂ ᠤᠯᠤᠰ ᠲᠦᠷᠦ ᠶᠢᠨ | ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠣᠳᠣᠬᠠᠨ ᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠰᠡᠷᠭᠡᠭ ᠢᠶᠠᠷ ᠲᠠᠨᠢᠵᠤ᠂ ᠨᠡᠩ ᠴᠢᠩᠭ᠎ᠠ ᠡᠭᠦᠷᠭᠡᠯᠡᠯ ᠤᠨ ᠤᠬᠠᠮᠰᠠᠷ | ᠪᠣᠯᠤᠨ ᠲᠡᠮᠡᠴᠡᠯ ᠤᠨ ᠵᠣᠷᠢᠭ ᠰᠠᠨᠠᠭ᠎ᠠ ᠪᠠᠷ ᠠᠵᠠ ᠲᠣᠬᠢᠶᠠᠯ ᠢ ᠠᠳᠬᠤᠨ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠥᠪᠥᠷ ᠮᠣᠩᠭᠤᠯ ᠤᠨ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠢᠯᠡ ᠲᠣᠳᠣ ᠣᠨᠴᠠᠯᠢᠭ᠂ ᠢᠯᠡᠷᠬᠡᠢ ᠳᠠᠪᠠᠭᠤᠯᠢᠭ ᠴᠢᠨᠠᠷ ᠪᠣᠯᠤᠨ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠢ ᠭᠦᠨᠵᠡᠭᠡᠶ ᠤᠶᠢᠯᠠᠭᠠᠨ ᠡᠵᠡᠮᠰᠢᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠪᠣᠯᠤᠨ ᠤᠯᠤᠰ ᠤᠨ ᠠᠵᠢᠯ ᠦᠶᠯᠡᠰ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠳᠭᠢᠴᠡ | ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠯᠠᠩᠭᠤᠶ᠎ᠠ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ | ᠰᠠᠭᠤᠷᠢ ᠪᠠᠨ ᠪᠠᠬᠢᠵᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠲᠥᠭᠡᠨ | ᠪᠠᠶᠢᠭᠤᠯᠬᠤ ᠳᠤ ᠨᠠᠩ ᠣᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ | ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠵᠥ ᠪᠠᠶᠢᠭᠠᠳ ᠠᠷᠠᠳ ᠤᠯᠠᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠬᠡᠷᠡᠭᠲᠡᠢ᠃ | ︽ᠰᠢᠯᠭᠠᠯᠲᠠ ᠳᠤ ᠤᠷᠤᠯᠴᠠᠬᠤ︾ ᠶᠢᠨ ᠬᠤᠷᠴᠠ ᠰᠡᠷᠭᠡᠭ ᠢ ᠦᠨᠢᠳᠡ ᠪᠠᠳᠤᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠡᠷᠡᠰ ᠪᠠᠳᠤ ᠰᠠᠶᠢᠲᠤᠷ | ᠬᠢᠬᠦ ᠪᠠᠷ ᠳᠠᠮᠵᠢᠭᠤᠯᠤᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠺᠠᠳ᠋ᠷᠴᠤᠳ ᠤᠨ | ᠠᠵᠢᠯ ᠬᠢᠵᠦ ᠦᠢᠯᠡᠰ ᠴᠤᠬᠴᠠᠯᠠᠬᠤ ᠴᠤᠭ ᠰᠦᠯᠳᠡ ᠵᠢᠪᠬᠤᠭ᠎ᠠ ᠶᠢ ᠦᠨᠡᠨ ᠬᠦ ᠪᠠᠳᠠᠷᠠᠭᠤᠯᠵᠤ᠂ ᠺᠠᠳ᠋ᠷ ᠤᠨ ᠡᠩᠨᠡᠭᠡᠨ ᠤ ᠵᠥᠪ ᠲᠠᠯ᠎ᠠ ᠶᠢᠨ ᠲᠦᠷᠢ ᠲᠥᠷᠬᠦ ᠶᠢ | ᠱᠤᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠠᠶᠢᠲᠤᠷ ᠠᠳᠬᠤᠵᠤ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ | ᠠᠳᠬᠤᠵᠤ᠂ ᠦᠨᠡᠨ ᠪᠣᠳᠠᠲᠠᠢ ᠲᠤᠭ᠎ᠠ ᠪᠠᠷᠢᠮᠲᠠ᠂ ᠲᠡᠦᠬᠡ ᠶᠢᠨ ᠮᠠᠲ᠋ᠧᠷᠢᠶᠠᠯ ᠢ ᠢᠯᠡᠭᠦᠬᠡᠨ ᠬᠡᠷᠡᠭᠯᠡᠵᠦ ᠪᠠᠶᠢᠭᠠᠳ ᠤᠬᠠᠭᠤᠯᠭ᠎ᠠ ᠬᠥᠮᠦᠵᠢᠯ ᠥᠷᠨᠢᠭᠦᠯᠵᠦ᠂ ᠪᠣᠳᠠᠲᠤ | ᠪᠣᠳᠠᠰ᠂ ᠪᠣᠳᠠᠲᠤ ᠦᠵᠡᠮᠵᠢ᠂ ᠪᠣᠳᠠᠲᠤ ᠶᠠᠪᠤᠳᠠᠯ ᠢᠶᠠᠷ ᠳᠠᠮᠵᠢᠭᠤᠯᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ | ᠪᠠᠶᠢᠭᠠᠳ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠪᠣᠯᠭᠠᠨ ᠬᠦᠮᠦᠵᠢᠭᠦᠯᠵᠤ᠂ ᠳᠤᠮᠳᠠᠳᠤ ᠶᠢᠨ ᠦᠨᠳᠦᠰᠦᠲᠡᠨ ᠤ | ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ ᠱᠠᠰᠢᠨ ᠰᠤᠷᠲᠠᠬᠤᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ | ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠥᠭᠵᠢᠯᠲᠡ ᠪᠠ ᠲᠣᠭᠲᠠᠭᠤᠨ᠂ ᠬᠥᠭᠵᠢᠯᠲᠡ ᠪᠠ ᠠᠷᠠᠳ ᠤᠨ ᠠᠮᠢᠳᠤᠷᠠᠯ᠂ ᠬᠥᠭᠵᠢᠯᠲᠡ ᠪᠠ ᠬᠥᠮᠦᠰ ᠤᠨ ᠰᠡᠳᠭᠢᠯ ᠤᠨ ᠨᠢᠭᠲᠠ ᠬᠠᠷᠢᠯᠴᠠᠭ᠎ᠠ ᠶᠢ ᠭᠦᠨᠵᠡᠭᠡᠢ | ᠲᠠᠨᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠭᠡᠵᠦ᠂ | ᠬᠥᠭᠵᠢᠯᠲᠡ ᠶᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠶᠢ ᠠᠬᠢᠭᠤᠯᠬᠤ ᠬᠡᠷᠡᠭᠲᠡᠢ᠃ | ᠤᠯᠤᠰ ᠤᠨ ᠳᠡᠮᠵᠢᠯᠭᠡ ᠶᠢ ᠢᠳᠡᠪᠬᠢᠳᠠᠢ ᠣᠯᠵᠤ᠂ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠴᠢᠳᠠᠪᠤᠷᠢ ᠪᠠᠨ ᠳᠡᠭᠡᠭᠰᠢᠯᠡᠭᠦᠯᠦᠨ᠂ ᠤᠮᠠᠷᠠᠰᠢ ᠨᠡᠭᠡᠭᠡᠯᠲᠡ ᠬᠢᠬᠦ | ᠪᠠᠬᠢᠯᠡᠯᠲᠡ ᠶᠢ ᠲᠦᠷᠭᠡᠳᠭᠡᠨ ᠪᠠᠶᠢᠭᠤᠯᠬᠤ ᠬᠡᠷᠡᠭᠲᠡᠶ ᠬᠡᠵᠥ ᠴᠢᠬᠤᠯᠠᠴᠢᠯᠠᠪᠠ᠃ | ᠬᠤᠷᠠᠯ ᠠᠴᠠ ᠪᠥᠬᠦ ᠣᠷᠣᠨ ᠤ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠰᠢᠨ᠎ᠡ ᠡᠨᠧᠷᠭᠢ ᠶᠢ ᠬᠥᠭᠵᠢᠭᠦᠯᠬᠦ ᠨᠢ ᠮᠠᠨ ᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠪᠦᠲᠦᠭᠡᠨ ᠪᠠᠶᠢᠭᠤᠯᠬᠤ ᠠᠬᠢᠴᠠ ᠪᠠ ᠶᠠᠰᠤ ᠴᠢᠨᠠᠷ ᠲᠠᠢ ᠰᠢᠭᠤᠳ ᠬᠤᠯᠪᠣᠭᠳᠠᠵᠤ᠂ ᠮᠠᠨ ᠤ ᠣᠷᠣᠨ ᠤ ᠡᠨᠧᠷᠭᠢ ᠶᠢᠨ ᠪᠦᠲᠦᠴᠡ᠂ ᠠᠵᠤ ᠦᠢᠯᠡᠰ ᠤᠨ | ᠪᠦᠲᠦᠴᠡ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠳᠤ ᠰᠢᠭᠤᠳ ᠬᠤᠯᠪᠣᠭᠳᠠᠵᠤ᠂ ᠨᠢᠭᠡ ᠶᠠᠪᠤᠳᠠᠯ ᠠᠴᠠ ᠪᠤᠯᠵᠤ ᠪᠦᠬᠦ ᠳᠠᠯ᠎ᠠ ᠶᠢ ᠨᠦᠯᠦᠬᠡᠯᠡᠬᠦ ᠲᠣᠮᠣ ᠶᠠᠪᠤᠳᠠᠯ | ᠪᠣᠯᠤᠨ᠎ᠠ᠃ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠷᠯᠥᠭᠡ ᠦᠳᠡᠰᠢ ᠶᠢ ᠲᠡᠮᠡᠴᠡᠬᠦ ᠲᠤᠯᠭᠠᠮ ᠰᠡᠳᠭᠢᠯᠭᠡ ᠪᠠᠨ ᠴᠢᠩᠭᠠᠳᠬᠠᠵᠤ᠂ | ᠴᠠᠭ ᠢ ᠠᠮᠵᠢᠨ ᠪᠤᠳᠠᠳᠠᠢ ᠪᠠᠷ ᠬᠦᠳᠡᠯᠤᠯᠴᠡᠨ ᠬᠢᠵᠥ᠂ ᠦᠨᠡᠨ ᠪᠣᠳᠠᠲᠠᠢ ᠦᠢᠯᠡᠳᠪᠦᠷᠢᠯᠡᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠰᠢᠨ᠎ᠡ | ᠡᠨᠧᠷᠭᠢ ᠶᠢᠨ ᠲᠦᠷᠦᠯ ᠵᠦᠢᠯ ᠢ ᠲᠦᠷᠭᠡᠨ ᠵᠥᠪᠰᠢᠶᠡᠷᠡᠵᠦ᠂ ᠲᠦᠷᠭᠡᠨ ᠪᠦᠳᠦᠬᠡᠨ ᠪᠠᠶᠢᠭᠤᠯᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ | ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠠᠷᠭ᠎ᠠ ᠬᠡᠯᠪᠡᠷᠢ ᠶᠢ ᠰᠠᠶᠢᠵᠢᠷᠠᠭᠤᠯᠬᠤ ᠳᠠᠭᠠᠨ ᠴᠢᠳᠠᠮᠠᠭᠠᠢ ᠪᠠᠶᠢᠵᠤ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠪᠠᠷ | ᠴᠢᠷᠮᠠᠶᠢᠬᠤ ᠬᠡᠷᠡᠭᠲᠡᠢ᠃ ᠠᠵᠤ ᠠᠬᠤᠶᠢᠯᠠᠯ ᠤᠨ ᠭᠤᠤᠯ ᠴᠣᠭᠴᠠ ᠶᠢᠨ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠨ ᠲᠤᠬᠠᠶ ᠶᠢᠨ ᠭᠠᠵᠠᠷ ᠲᠤᠨᠢ | ᠰᠢᠩᠭᠡᠭᠡᠬᠦ ᠶᠢ ᠶᠡᠭᠡ ᠪᠠᠷ ᠠᠬᠢᠭᠤᠯᠵᠤ᠂ ᠭᠠᠳᠠᠭᠰᠢ ᠬᠦᠷᠭᠡᠬᠦ ᠨᠡᠪᠳᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠡᠨᠧᠷᠭᠢ ᠶᠢᠨ ᠬᠠᠩᠭᠠᠯᠭ᠎ᠠ ᠶᠢ | ᠪᠠᠲᠤᠯᠠᠵᠤ ᠬᠠᠩᠭᠠᠯᠭ᠎ᠠ ᠶᠢ ᠨᠡᠮᠡᠭᠳᠡᠭᠦᠯᠬᠦ ᠲᠠᠯ᠎ᠠ ᠪᠠᠷ ᠬᠢ ᠰᠢᠨ᠎ᠡ ᠡᠨᠧᠷᠭᠢ ᠶᠢᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠡᠯ᠎ᠡ ᠱᠠᠲᠤᠨ ᠤ | ᠤᠳᠤᠷᠢᠳᠬᠤ ᠺᠠᠳ᠋ᠷ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ | ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠤᠮᠤᠭ ᠵᠣᠷᠢᠭ ᠪᠠ ᠣᠶᠤᠨ ᠤᠬᠠᠭᠠᠨ ᠢᠶᠠᠷ ᠲᠦᠭᠵᠢᠷᠡᠯ ᠪᠤᠭᠤᠮᠢ ᠬᠦᠴᠢᠷᠳᠡᠯ ᠢ | ᠨᠡᠪᠲᠡᠷᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠶ ᠣᠯᠵᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠭᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃ | ᠬᠤᠷᠠᠯ ᠠᠴᠠ ︽ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ | ᠮᠡᠳᠡᠭᠦᠯᠦᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠯ︾ ᠢ | ᠰᠤᠳᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠶᠢ ᠣᠳᠣᠬᠠᠨ ᠤ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠮᠠᠯ | ᠬᠤᠭᠤᠴᠠᠭ᠎ᠠ ᠲᠠᠢ ᠲᠣᠬᠢᠷᠠᠭᠤᠯᠤᠯᠲᠠ ᠬᠢᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ | ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠠᠵᠢᠯ ᠳᠤ ᠦᠨᠡᠨ ᠠᠴᠠ ᠵᠥᠪ ᠢ ᠡᠷᠢᠬᠦ᠂ ᠵᠢᠷᠤᠮᠵᠢᠯ ᠲᠠᠢ | ᠣᠨᠣᠴᠠᠲᠠᠢ ᠪᠠᠶᠢᠬᠤ ᠶᠢ ᠪᠡᠶᠡᠯᠡᠭᠦᠯᠵᠦ᠂ ᠥᠩᠭᠡᠷᠡᠭᠰᠡᠨ ᠢ ᠨᠢ ᠵᠠᠯᠬᠠᠭᠠᠵᠤ ᠬᠤᠶᠢᠰᠢ ᠳᠤᠨᠢ ᠴᠡᠭᠡᠷᠯᠡᠯ ᠪᠣᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ | ᠦᠷ᠎ᠡ ᠪᠦᠲᠦᠮᠵᠢ ᠶᠢ ᠦᠨᠡᠨ ᠬᠦ ᠤᠯᠵᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠴᠡᠭᠴᠡᠯᠡᠨ ᠰᠠᠶᠢᠵᠢᠷᠠᠭᠤᠯᠬᠤ ᠶᠢ ᠣᠷᠣᠯᠠᠭᠤᠯᠬᠤ ᠠᠴᠠ ᠡᠷᠡᠰ ᠵᠠᠶᠢᠯᠠᠰᠭᠢᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ ︽︿ᠰᠢᠨ᠎ᠡ ᠴᠠᠭ ᠦᠶ᠎ᠡ ᠳᠤ ᠳᠤᠮᠳᠠ ᠪᠠᠷᠠᠭᠤᠨ ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠲᠤᠬᠠᠶ | ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠨᠦᠭᠦᠳ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ | ᠦᠶᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |