ᠨᠡᠭᠦᠷᠡᠰᠦᠨ ᠤ ᠲᠡᠭᠡᠭᠡᠪᠦᠷᠢ ᠶᠢᠨ ᠲᠡᠮᠦᠷ ᠵᠠᠮ ᠪᠠ ᠬᠢᠯᠢ ᠠᠯᠤᠰᠯᠠᠭᠰᠠᠨ ᠲᠡᠮᠦᠷ ᠵᠠᠮ ᠤᠨ ᠰᠠᠭᠤᠳᠠᠯ ᠤᠨ ᠬᠤᠷᠠᠯ ᠬᠤᠷᠠᠯᠳᠤᠪᠠ  ᠬᠤᠸᠠᠩ ᡁᠢ ᠴᠢᠶᠠᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/7/29

      7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠨᠡᠭᠦᠷᠡᠰᠦᠨ ᠤ ᠲᠡᠭᠡᠭᠡᠪᠦᠷᠢ ᠶᠢᠨ ᠲᠡᠮᠦᠷ ᠵᠠᠮ ᠪᠠ ᠬᠢᠯᠢ ᠠᠯᠤᠰᠯᠠᠭᠰᠠᠨ ᠲᠡᠮᠦᠷ ᠵᠠᠮ ᠤᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠤ ᠳᠣᠲᠣᠷᠠᠬᠢ ᠭᠤᠣᠯ ᠪᠣᠯᠬᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠵᠤ᠂ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠪᠠ ᠬᠢᠯᠢ ᠠᠯᠤᠰᠯᠠᠭᠰᠠᠨ ᠲᠡᠮᠦᠷ ᠵᠠᠮ ᠢ ᠬᠤᠯᠪᠤᠭᠠᠯᠠᠨ ᠨᠡᠪᠲᠡᠷᠡᠭᠦᠯᠬᠦ ᠲᠤᠬᠠᠢ ᠤᠯᠠᠮ ᠨᠢᠭᠡ ᠠᠯᠬᠤᠮ ᠰᠤᠳᠤᠯᠵᠠᠢ᠃
      ᠬᠤᠸᠠᠩ ᡁᠢ ᠴᠢᠶᠠᠩ ᠬᠡᠯᠡᠬᠦ ᠳᠤ ᠪᠠᠨ᠂ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠬᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠨᠢ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠣᠯᠣᠨ

︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠱᠠᠭᠠᠷᠳᠠᠯᠭ᠎ᠠ ᠪᠣᠯᠣᠨ᠎ᠠ᠃ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠤᠯᠤᠰ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠴᠢᠬᠤᠯᠠ ᠠᠵᠠ ᠲᠣᠬᠢᠶᠠᠯ ᠢ ᠴᠢᠩᠭ᠎ᠠ ᠠᠳᠬᠤᠵᠤ᠂ ᠪᠠᠶᠢᠷᠢᠰᠢᠯᠠᠭᠤᠯᠤᠯᠲᠠ ᠨᠢ ᠵᠦᠢ ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ᠂ ᠳᠥᠭᠦᠮ ᠳᠥᠲᠡ ᠮᠦᠷᠲᠡᠭᠡᠨ ᠥᠨᠳᠥᠷ ᠪᠦᠲᠦᠮᠵᠢᠲᠡᠶ᠂ ᠠᠮᠤᠷ ᠲᠦᠪᠰᠢᠨ ᠪᠥᠭᠡᠳ ᠣᠶᠤᠨᠴᠢᠯᠠᠭᠰᠠᠨ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠲᠣᠣᠷ ᠪᠠ ᠬᠢᠯᠢ ᠠᠯᠤᠰᠯᠠᠭᠰᠠᠨ ᠲᠡᠮᠦᠷ ᠵᠠᠮ ᠤᠨ ᠲᠣᠣᠷ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠨᠡᠭᠦᠷᠡᠰᠦᠨ ᠤ ᠲᠡᠭᠡᠭᠡᠪᠦᠷᠢ ᠶᠢᠨ ᠪᠠᠲᠤᠯᠠᠭ᠎ᠠ ᠶᠢ ᠴᠢᠩᠭᠠᠳᠬᠠᠵᠤ᠂ ᠣᠷᠣᠨ ᠤ ᠳᠣᠲᠣᠷᠠᠬᠢ ᠭᠤᠣᠯ ᠪᠣᠯᠬᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠳ ᠵᠣᠬᠢᠴᠠᠭᠤᠯᠤᠨ ᠬᠠᠮᠵᠢᠯᠴᠠᠵᠤ᠂ ᠠᠳᠠᠯᠢ ᠪᠤᠰᠤ ᠴᠢᠭᠯᠡᠯ ᠤᠨ ᠲᠡᠭᠡᠭᠡᠪᠦᠷᠢ ᠶᠢᠨ ᠬᠦᠴᠦᠨ ᠤ ᠨᠡᠪᠲᠡᠷᠡᠬᠦ ᠵᠠᠮ ᠢ ᠢᠳᠡᠪᠬᠢᠲᠡᠢ ᠪᠠᠷ ᠨᠡᠭᠡᠭᠡᠵᠦ᠂ ᠲᠡᠭᠡᠭᠡᠪᠦᠷᠢ ᠶᠢᠨ ᠬᠦᠴᠦᠨ ᠤ ᠭᠦᠢᠴᠡᠳ ᠬᠠᠩᠭᠠᠯᠭ᠎ᠠ ᠶᠢ ᠪᠠᠲᠤᠯᠠᠵᠤ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠣᠭᠲᠠᠭᠤᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠶᠡᠭᠡ ᠪᠦᠲᠦᠭᠡᠨ ᠪᠠᠶᠢᠭᠤᠯᠤᠯᠲᠠ᠂ ᠶᠡᠭᠡ ᠬᠤᠯᠪᠤᠭᠠᠯᠠᠯ ᠢᠶᠠᠷ ᠠᠵᠠ ᠲᠣᠬᠢᠶᠠᠯ ᠪᠣᠯᠭᠠᠵᠤ᠂ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ ᠲᠡᠰ ᠳᠡᠪᠰᠢᠭᠦᠯᠵᠦ᠂ ᠪᠣᠬᠢᠷᠳᠤᠯ ᠦᠭᠡᠢ᠂ ᠠᠮᠤᠷ ᠲᠦᠪᠰᠢᠨ᠂ ᠥᠨᠳᠥᠷ ᠪᠦᠲᠦᠮᠵᠢᠲᠡᠢ᠂ ᠣᠶᠤᠨᠴᠢ ᠤᠯᠠᠨ ᠤᠯᠤᠰ ᠤᠨ ᠣᠳᠣᠬᠢᠴᠢᠯᠠᠭᠰᠠᠨ ᠬᠢᠯᠢ ᠶᠢᠨ ᠪᠣᠭᠤᠮᠲᠠ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠤᠯᠤᠰ ᠤᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠮᠠᠨᠳᠤᠯ᠂ ᠭᠠᠭᠴᠠᠮᠣᠳᠤ ᠵᠡᠷᠭᠡ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠲᠡᠮᠦᠷ ᠵᠠᠮ ᠤᠨ ᠲᠦᠷᠦᠯ ᠵᠦᠢᠯ ᠢ ᠡᠷᠲᠡᠬᠡᠨ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ