ᠮᠠᠨ ᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠪᠦᠬᠦᠳᠡ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/7/6

      7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠪᠦᠬᠦᠳᠠ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠸᠠᠩ ᠯᠢ ᠰᠢᠶᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠭᠰᠡᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠣᠷᠣᠨ ᠳᠠᠶᠠᠭᠠᠷ ᠢᠶᠠᠨ ᠲᠡᠦᠬᠡᠲᠦ ᠴᠢᠨᠠᠷᠲᠠᠶ ᠠᠵᠠ ᠲᠣᠬᠢᠶᠠᠯ ᠢ ᠡᠵᠡᠮᠳᠡᠨ ᠰᠠᠶᠢᠲᠤᠷ ᠠᠰᠢᠭᠯᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠵᠤ᠂ ᠮᠠᠨ ᠤ ᠣᠷᠣᠨ ᠤ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠨᠠᠷᠢᠨ ᠬᠢᠨᠠᠮᠠᠭᠠᠶ ᠵᠠᠳᠠᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠤᠨ ᠨᠠᠷᠢᠯᠢᠭᠵᠢᠭᠤᠯᠵᠦ᠂ ᠥᠷᠯᠥᠭᠡ ᠦᠳᠡᠰᠢ ᠶᠢ ᠲᠡᠮᠡᠴᠡᠨ ᠪᠣᠳᠠᠲᠠᠶ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ