ᠸᠠᠩ ᠯᠢ ᠰᠢᠶᠠ ᠡᠪᠡᠰᠦᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/7
      7 ᠰᠠᠷ᠎ᠠ ᠶᠢᠨ 6 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠮᠧᠩ ᠼᠤᠤ ᠪᠦᠯᠦᠭᠯᠡᠯ ᠳᠤ ᠬᠦᠷᠴᠦ᠂ ᠡᠪᠡᠰᠦᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃

1.jpg

2.jpg

3.jpg

4.jpg

      ᠮᠧᠩ ᠼᠤᠤ ᠪᠦᠯᠦᠭᠯᠡᠯ ᠤᠨ ᠴᠡᠯᠡᠭᠡᠷ ᠲᠠᠯ᠎ᠠ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠳᠤ᠂ ᠸᠠᠩ ᠯᠢ ᠰᠢᠶᠠ ᠤᠷᠢᠳ

ᠬᠤᠵᠢᠳ ᠠᠮᠢ ᠠᠬᠤᠶ ᠶᠢᠨ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠪᠣᠯᠤᠨ ᠦᠷ᠎ᠡ ᠪᠣᠶᠢᠵᠢᠭᠤᠯᠬᠤ ᠲᠤᠷᠰᠢᠯᠲᠠ ᠶᠢᠨ

ᠲᠠᠰᠤᠭ ᠲᠤ ᠬᠦᠷᠴᠦ᠂ ᠦᠷ᠎ᠡ ᠶᠢᠨ ᠦᠶᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠵᠢᠴᠢ ᠰᠠᠶᠢᠨ ᠦᠷ᠎ᠡ ᠶᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ ᠵᠡᠷᠭᠡ

ᠪᠠᠶᠢᠳᠠᠯ ᠢ ᠨᠠᠷᠢᠯᠢᠬ ᠣᠶᠢᠯᠠᠭᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ

ᠬᠠᠷᠢᠭᠤ ᠮᠡᠳᠡᠭᠦᠯᠦᠯᠲᠡ ᠶᠢ ᠰᠣᠨᠣᠰᠪᠠ᠃ ᠸᠠᠩ ᠯᠢ ᠰᠢᠶᠠ᠂ ᠡᠪᠡᠰᠦᠨ ᠦᠷ᠎ᠡ ᠶᠢᠨ ᠦᠢᠯᠡᠰ ᠤᠨ ᠡᠷᠡᠭᠦᠯ᠂ ᠠᠮᠤᠷ ᠲᠦᠪᠰᠢᠨ ᠬᠦᠭᠵᠢᠯᠲᠡ ᠨᠢ ᠮᠠᠨ ᠤ ᠤᠯᠤᠰ ᠤᠨ

ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ

ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠳᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡᠳᠦᠯᠲᠡᠶ ᠲᠦᠯᠦᠪᠵᠢᠭᠦᠯᠬᠦ ᠪᠠᠨ

ᠴᠢᠩᠭᠠᠳᠬᠠᠨ᠂ ᠵᠦᠢ ᠵᠣᠬᠢᠰᠲᠠᠶ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠮᠢ

ᠠᠬᠤᠶ ᠶᠢᠨ ᠬᠡᠯᠪᠡᠷᠢ ᠶᠢᠨ ᠡᠪᠡᠰᠦ ᠪᠣᠯᠤᠨ ᠲᠡᠵᠢᠭᠡᠯ ᠪᠣᠷᠳᠣᠭᠠᠨ ᠤ ᠬᠡᠯᠪᠡᠷᠢ ᠶᠢᠨ ᠡᠪᠡᠰᠦ ᠭᠡᠬᠦ ᠬᠤᠶᠠᠷ ᠭᠤᠣᠯ ᠰᠢᠵᠢᠮ ᠤᠨ ᠲᠣᠭᠤᠷᠢᠨ ᠳᠤ ᠡᠪᠡᠰᠦᠨ ᠦᠷ᠎ᠡ ᠶᠢᠨ

ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠶ᠃ ᠠᠮᠢ ᠠᠬᠤᠶ ᠶᠢᠨ ᠦᠷ᠎ᠡ ᠠᠰᠢᠭ ᠪᠣᠯᠤᠨ ᠠᠵᠤ ᠠᠬᠤᠶ ᠶᠢᠨ

ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠵᠤ᠂ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠣᠶᠢᠵᠢᠭᠤᠯᠬᠤ᠂ ᠦᠷᠡᠵᠢᠭᠦᠯᠬᠦ᠂

ᠲᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠦᠷ᠎ᠡ ᠶᠢᠨ ᠦᠢᠯᠡᠰ ᠤᠨ ᠮᠡᠷᠭᠡᠵᠢᠯ ᠢ ᠠᠵᠤ ᠦᠶᠯᠡᠰᠵᠢᠭᠦᠯᠬᠦ ᠪᠠ ᠡᠪᠡᠰᠦᠨ ᠤ ᠦᠢᠯᠡᠰ ᠢ

ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠬᠡᠯᠡᠪᠡ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠬᠠᠮᠲᠤ ᠪᠠᠶᠢᠴᠠᠭᠠᠨ ᠰᠤᠳᠤᠯᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ