| | | 7 ᠰᠠᠷ᠎ᠠ ᠶᠢᠨ 6 ᠤ ᠦᠳᠡ ᠶᠢᠨ ᠡᠮᠦᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠪᠥᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ | ᠪᠠᠶᠢᠩᠭᠤ ᠶᠢᠨ ᠳᠡᠳ᠋ ᠲᠡᠷᠢᠭᠦᠯᠡᠭᠴᠢ ᠱᠤᠤ ᠬᠤᠩ ᠲᠠᠢ ᠪᠠᠷᠠᠳᠠᠨ ᠠᠭᠤᠯᠵᠠᠪᠠ᠃ ᠰᠤᠷᠪᠤᠯᠵᠢᠯᠠᠬᠴᠢ ᠶᠤᠸᠠᠨ ᠶᠦᠩ ᠬᠤᠩ ᠰᠡᠭᠦᠳᠡᠷᠯᠡᠪᠡ | 7 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠪᠥᠬᠦ ᠤᠯᠤᠰ ᠤᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠪᠠᠶᠢᠩᠭᠤ ᠶᠢᠨ ᠳᠡᠳ᠋ | ᠲᠡᠷᠢᠭᠦᠯᠡᠭᠴᠢ ᠱᠤᠤ ᠬᠤᠩ ᠲᠠᠢ ᠪᠠᠷᠠᠳᠠᠨ ᠠᠭᠤᠯᠵᠠᠪᠠ᠃ | ᠱᠤᠤ ᠬᠤᠩ᠂ ᠤᠢᠢᠷ᠎ᠠ ᠶᠢᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ ︽9·3︾ | ᠤ ᠡᠷᠳᠡᠮ ᠰᠢᠨᠵᠢᠯᠡᠭᠡᠨ ᠤ ᠨᠡᠶᠢᠭᠡᠮᠯᠢᠭ ᠥᠪᠥᠷ ᠮᠣᠩᠭᠤᠯ ᠳᠤ ᠬᠤᠯᠪᠣᠭᠳᠠᠯ ᠪᠦᠬᠦᠢ ᠠᠵᠢᠯ ᠢᠶᠠᠨ ᠤᠷᠤᠭᠰᠢᠲᠠᠢ ᠥᠷᠨᠢᠭᠦᠯᠵᠦ᠂ ᠣᠨᠴᠠᠭᠠᠶᠢᠯᠠᠨ ᠬᠤᠶᠠᠷ | ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠵᠥᠪᠯᠡᠯᠴᠡᠭᠡᠷ ᠨᠢ ᠮᠠᠰᠢ ᠰᠠᠶᠢᠨ | ᠦᠷ᠎ᠡ ᠪᠦᠲᠦᠮᠵᠢ ᠣᠯᠵᠠᠢ ᠭᠡᠵᠤ ᠢᠯᠡᠳᠭᠡᠪᠡ᠃ ᠲᠡᠷᠡ᠂ ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ | ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠪᠠᠶᠢᠯᠳᠤᠬᠤ ᠪᠤᠳᠤᠯᠭ᠎ᠠ ᠶᠢᠨ ᠵᠥᠪᠯᠡᠯᠴᠡᠭᠡᠷ ᠤᠨ ᠨᠠᠶᠢᠳᠠᠪᠦᠷᠢᠵᠢᠭᠤᠯᠤᠯᠲᠠ ᠶᠢ ᠭᠦᠨᠵᠡᠭᠡᠶᠢᠷᠡᠭᠦᠯᠬᠦ ᠪᠠᠷ ᠭᠠᠷᠳᠠᠴᠠ | ᠪᠣᠯᠭᠠᠵᠤ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠤᠨ ᠬᠦᠴᠦᠨ | ᠴᠢᠳᠠᠯ ᠢ ᠨᠡᠶᠢᠳᠭᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠭᠢᠯ ᠬᠡᠮᠵᠢᠭᠳᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠥᠪᠥᠷ ᠮᠣᠩᠭᠤᠯ ᠯᠤᠭ᠎ᠠ ᠶᠢᠨ | ᠭᠦᠨᠵᠡᠭᠡᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ | ᠬᠦᠴᠦᠨ ᠨᠡᠮᠡᠷᠢᠯᠡᠨ᠎ᠡ ᠭᠡᠵᠦ ᠬᠡᠯᠡᠪᠡ᠃ | ᠰᠦᠨ ᠱᠤᠤ ᠴᠧᠩ ᠱᠤᠤ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ | ᠲᠡᠷᠡ᠂ ᠥᠪᠥᠷ ᠮᠣᠩᠭᠤᠯ ᠰᠠᠶᠢᠬᠠᠨ ᠭᠠᠵᠠᠷ᠂ ᠭᠠᠵᠠᠷ ᠨᠤᠲᠤᠭ ᠥᠷᠭᠡᠨ ᠠᠭᠤᠳᠠᠮ᠂ ᠭᠠᠵᠠᠷ ᠨᠤᠳᠤᠭ ᠠᠭᠤᠳᠠᠮ ᠨᠢ ᠳᠠᠪᠠᠭᠤᠯᠢᠭ ᠲᠠᠯ᠎ᠠ᠂ ᠬᠥᠮᠦᠨ ᠠᠮᠠ | ᠰᠡᠶᠢᠷᠡᠭ ᠨᠢ ᠪᠠᠭᠤᠷᠠᠢ ᠲᠠᠯ᠎ᠠ ᠪᠤᠯᠤᠨ᠎ᠠ᠃ ᠣᠳᠣᠬᠠᠨ ᠳᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠲᠠᠭᠤᠳᠠᠯ ᠪᠣᠯ ᠬᠥᠮᠦᠨ ᠤ | ᠬᠦᠴᠦᠨ ᠤ ᠡᠬᠢ ᠪᠠᠶᠠᠯᠢᠭ ᠳᠤᠲᠠᠭᠳᠠᠵᠤ᠂ ᠳᠡᠭᠡᠳᠦ ᠲᠡᠰ ᠤᠨ ᠴᠢᠳᠠᠪᠤᠷᠢᠲᠠᠨ ᠳᠤᠲᠠᠭᠳᠠᠵᠤ ᠪᠠᠶᠢᠬᠤ ᠪᠦᠭᠡᠳ ᠡᠩ ᠤᠨ ᠬᠥᠳᠡᠯᠮᠦᠷᠢ ᠬᠦᠴᠦ ᠴᠤ ᠳᠤᠲᠠᠭᠳᠠᠵᠤ | ᠪᠠᠶᠢᠨ᠎ᠠ᠃ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠲᠤ ᠡᠷᠳᠡᠮᠳᠡᠨ ᠴᠢᠳᠠᠪᠤᠷᠢᠲᠠᠨ ᠬᠤᠷᠠᠨ ᠴᠤᠭᠯᠠᠷᠠᠵᠤ᠂ ᠲᠤᠰᠬᠠᠢ ᠮᠡᠷᠭᠡᠵᠢᠯᠲᠡᠨ ᠤᠯᠠᠨ ᠪᠠᠶᠢᠨ᠎ᠠ᠂ | ᠪᠢᠳᠡ ᠳᠤᠷᠠᠲᠠᠶ᠎ᠠ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠯᠦᠭᠡ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ | ︽9·3︾ ᠤ ᠭᠡᠰᠢᠭᠦᠳ ᠤᠨ ᠥᠪᠥᠷ ᠮᠣᠩᠭᠤᠯ ᠳᠤ ᠢᠷᠡᠵᠦ᠂ ᠰᠢᠨ᠎ᠡ ᠡᠨᠧᠷᠭᠢ᠂ ᠮᠠᠯ ᠠᠵᠤ ᠠᠬᠤᠢ ᠲᠠᠷᠢᠶᠠᠯᠠᠩ᠂ ᠬᠤᠪᠣᠷ ᠰᠢᠷᠣᠢ ᠵᠡᠷᠭᠡ ᠬᠦᠷᠢᠶᠡᠨ ᠳᠤ | ᠰᠤᠳᠤᠯᠭᠠᠨ ᠥᠷᠨᠢᠭᠦᠯᠵᠦ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠣᠯᠵᠤ᠂ ᠪᠢᠳᠡᠨ ᠢ ᠬᠠᠪᠰᠤᠷᠤᠨ ᠬᠥᠭᠵᠢᠯᠲᠡ ᠶᠢᠨ ᠪᠣᠭᠤᠮᠢ ᠶᠢ ᠰᠢᠪᠲᠤᠯᠵᠤ᠂ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠤ ᠬᠡᠯᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠡᠢ᠃ |