ᠮᠠᠨ ᠤ ᠣᠷᠣᠨ ᠤ 7 ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/7/8

      7 ᠳ᠋ᠤᠭᠠᠷ ᠰᠠᠷ᠎ᠠ ᠶᠢᠨ 7 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 4 ︵ᠴᠥᠮ ᠪᠠᠶᠠᠨᠨᠠᠭᠤᠷ ᠬᠤᠲᠠ ᠳᠤ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 3 ᠡᠪᠡᠳᠴᠢᠨ ᠤ ᠵᠢᠱᠢᠶ᠎ᠡ ︵ᠴᠥᠮ ᠰᠢᠯᠢ ᠶᠢᠨ ᠭᠤᠣᠯ ᠠᠶᠢᠮᠠᠭ ᠲᠤ︶ ᠢᠯᠠᠷᠢᠰᠢᠵᠤ ᠡᠮᠨᠡᠯᠭᠡ ᠠᠴᠠ ᠭᠠᠷᠴᠠᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ︵ᠰᠢᠯᠢ ᠶᠢᠨ ᠭᠤᠣᠯ ᠠᠶᠢᠮᠠᠭ ᠲᠤ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃

      7 ᠳ᠋ᠤᠭᠠᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 12 ᠪᠠᠶᠢᠵᠤ᠂ ᠡᠭᠦᠨ ᠳᠤ ᠤᠯᠠᠭᠠᠨᠬᠠᠳᠠ ᠬᠤᠲᠠ ᠳᠤ 1᠂ ᠰᠢᠯᠢ ᠶᠢᠨ ᠭᠤᠣᠯ ᠠᠶᠢᠮᠠᠭ ᠲᠤ 3᠂ ᠪᠠᠶᠠᠨᠨᠠᠭᠤᠷ ᠬᠤᠲᠠ ᠳᠤ 8 ᠪᠣᠶ᠃ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1᠂ ᠪᠠᠶᠠᠨᠨᠠᠭᠤᠷ ᠬᠤᠲᠠ ᠳᠤ 4 ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 7 ︵ᠴᠥᠮ ᠬᠥᠬᠡᠬᠤᠲᠠ ᠳᠤ︶ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠬᠥᠬᠡᠬᠤᠲᠠ ᠳᠤ︶ ᠪᠣᠢ᠃ ᠪᠥᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ