ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 10 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/7/8
      7 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 10 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠲᠠᠢ ᠤᠷᠤᠯᠳᠤᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠲᠡᠦᠬᠡ ᠶᠢᠨ ᠠᠵᠠ ᠲᠣᠬᠢᠶᠠᠯ ᠢ ᠠᠮᠵᠢᠵᠤ᠂ ᠠᠵᠢᠯ ᠬᠢᠵᠦ ᠦᠢᠯᠡᠰ ᠪᠤᠰᠬᠠᠬᠤ ᠳᠤ ᠥᠷᠯᠥᠭᠡ ᠦᠳᠡᠰᠢ ᠶᠢ ᠲᠡᠮᠡᠴᠡᠬᠦ ᠪᠣᠯ ᠮᠠᠨ ᠤ ᠨᠠᠮ ᠤᠨ ᠰᠢᠯᠢᠳᠡᠭ ᠤᠯᠠᠮᠵᠢᠯᠠᠯ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠺᠠᠳ᠋ᠷᠴᠤᠳ ᠢ ᠠᠵᠢᠯ ᠢᠶᠠᠨ ᠠᠳᠬᠤᠬᠤ ᠳᠤ ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠲᠠᠢ ᠤᠷᠤᠯᠳᠤᠬᠤ ᠬᠡᠷᠡᠭᠲᠡᠢ ᠭᠡᠵᠦ ᠱᠠᠭᠠᠷᠳᠠᠭᠰᠠᠨ ᠨᠢ ᠠᠵᠢᠯ ᠶᠠᠪᠤᠳᠠᠯ ᠭᠦᠢᠴᠡᠳᠭᠡᠬᠦ ᠬᠤᠷᠳᠤᠴᠠ ᠪᠣᠯᠤᠨ ᠦᠷ᠎ᠡ ᠪᠦᠲᠦᠮᠵᠢ ᠶᠢ ᠴᠢᠬᠤᠯᠠᠴᠢᠯᠠᠭᠰᠡᠨ ᠢᠶᠠᠷ ᠪᠠᠷᠠᠬᠤ ᠦᠬᠡᠢ ᠨᠡᠩ ᠴᠤ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠪᠣᠭᠤᠮᠲᠠ ᠰᠢᠪᠲᠤᠯᠬᠤ᠂ ᠴᠢᠳᠠᠮᠠᠭᠠᠢ ᠪᠠᠷ ᠠᠵᠢᠯ ᠬᠢᠬᠦ ᠱᠠᠭᠠᠷᠳᠠᠯᠭ᠎ᠠ ᠶᠢ ᠠᠬᠤᠭᠤᠯᠵᠤ ᠪᠤᠢ᠃ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠤᠳᠤᠷᠢᠳᠬᠤ ᠺᠠᠳ᠋ᠷᠴᠤᠳ ᠲᠦᠷᠦᠭᠦᠯᠡᠨ ᠰᠠᠶᠢᠲᠤᠷ ᠬᠢᠵᠦ᠂ ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ ᠢᠶᠠᠨ ᠴᠢᠩᠭᠠᠳᠬᠠᠵᠤ᠂ ᠡᠭᠦᠷᠭᠡ ᠪᠠᠨ ᠪᠡᠶᠡᠯᠡᠭᠦᠯᠬᠦ ᠤᠬᠠᠮᠰᠠᠷ᠂ ᠠᠵᠢᠯ ᠢᠶᠠᠨ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠠᠴᠠ ᠲᠦᠷᠭᠡᠨ ᠢ ᠬᠦᠭᠡᠭᠡᠴᠡᠯᠳᠦᠵᠦ᠂ ᠲᠦᠷᠭᠡᠨ ᠠᠴᠠ ᠦᠷ᠎ᠡ ᠪᠦᠲᠦᠮᠵᠢ ᠶᠢ ᠬᠦᠭᠡᠭᠡᠴᠡᠯᠳᠦᠵᠦ᠂ ᠲᠦᠷᠭᠡᠨ ᠲᠥᠯᠥᠪᠵᠢᠭᠦᠯᠵᠦ᠂ ᠲᠦᠷᠭᠡᠨ ᠲᠠᠭᠠᠨ ᠤᠷᠤᠭᠰᠢᠯᠠᠵᠤ᠂ ᠲᠦᠷᠭᠡᠨ ᠠᠵᠢᠯᠯᠠᠵᠤ᠂ ᠲᠦᠷᠭᠡᠨ ᠱᠠᠯᠠᠪᠳᠠᠭᠤᠯᠤᠨ ᠰᠢᠢᠳᠪᠦᠷᠢᠯᠡᠵᠦ᠂ ᠨᠢᠬᠡᠨᠳᠡ ᠲᠣᠭᠲᠠᠭᠰᠠᠨ ᠶᠠᠪᠤᠳᠠᠯ ᠢᠶᠠᠨ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ ︽ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠲᠠᠢ ᠤᠷᠤᠯᠳᠤᠬᠤ︾ ᠱᠠᠭᠠᠷᠳᠠᠯᠭ᠎ᠠ ᠶᠢ ᠪᠣᠳᠠᠲᠠᠢ ᠠᠵᠢᠯ ᠪᠣᠯᠭᠠᠨ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ