︽8·1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠨᠠᠮ ᠵᠠᠰᠠᠭ ᠤᠨ ᠤᠳᠤᠷᠢᠳᠤᠯᠭ᠎ᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠲᠠᠯᠠᠪᠠᠢ ᠳᠤ ᠬᠦᠷᠴᠦ᠂ ︽ᠨᠠᠮ ᠤᠨ | ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ· ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾ ᠭᠡᠬᠦ ᠪᠦᠬᠦ ᠣᠷᠣᠨ ᠤ ᠴᠡᠷᠢᠭ ᠠᠩᠬᠢ ᠪᠠ ᠣᠷᠣᠨ ᠨᠤᠲᠤᠭ ᠤᠨ | ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠠᠭᠤᠰᠤᠯᠴᠠᠭᠤᠯᠬᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠵᠢᠴᠢ ︽8·1︾ ᠤ ᠴᠡᠷᠢᠭ ᠤᠨ | ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠰᠦᠨ ᠱᠤᠤ ᠴᠧᠩ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ | ᠣᠷᠣᠯᠴᠠᠵᠠᠶ᠃ | | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ | ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠲᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠥᠷ | ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠠᠷᠮᠢ ᠶᠢᠨ ᠲᠠᠰ ᠤᠨ ᠤᠳᠤᠷᠢᠳᠤᠯᠭ᠎ᠠ | ᠠᠵᠢᠯᠯᠠᠭ᠎ᠠ ᠳᠤ ᠣᠷᠣᠯᠴᠠᠪᠠ᠃ | | | | | ᠦᠳᠡ ᠶᠢᠨ ᠡᠮᠦᠨᠡᠬᠢ 9 ᠴᠠᠭ ᠲᠤ᠂ ᠰᠦᠨ ᠱᠤᠤ ᠴᠧᠩ᠂ ᠸᠠᠩ ᠯᠢ ᠰᠢᠶᠠ᠂ ᠮᠠ ᠴᠢᠩ ᠯᠸᠢ᠂ ᠶᠠᠩ ᠰᠢᠶᠤᠤ ᠺᠠᠩ ᠵᠡᠷᠭᠡ ᠮᠤᠵᠢ ᠠᠷᠮᠢ ᠶᠢᠨ ᠲᠠᠰ ᠤᠨ | ᠤᠳᠤᠷᠢᠳᠤᠯᠭ᠎ᠠ ᠶᠡᠷᠦᠩᠬᠡᠶᠢᠯᠡᠭᠰᠡᠨ ᠪᠣᠯᠪᠠᠰᠤᠷᠠᠯ ᠤᠨ ᠲᠠᠯᠠᠪᠠᠶ ᠳᠤ ᠬᠦᠷᠴᠦ᠂ ᠡᠩ ᠲᠡᠷᠢᠭᠦᠨ ᠳᠤ ᠡᠷᠦᠬᠡ ᠶᠢᠨ ᠴᠡᠷᠢᠭ ᠤᠨ ᠲᠣᠨᠣᠭᠯᠠᠯ᠂ ᠭᠠᠯ ᠰᠡᠷᠭᠡᠶᠢᠯᠡᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠲᠣᠨᠣᠭᠯᠠᠯ᠂ ᠣᠶ ᠰᠢᠭᠤᠶ ᠶᠢᠨ ᠲᠤᠶᠢᠮᠠᠷ ᠢ ᠰᠡᠷᠭᠡᠶᠢᠯᠡᠵᠦ ᠤᠨᠲᠠᠷᠠᠭᠠᠬᠤ ᠲᠣᠨᠣᠭᠯᠠᠯ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠲᠣᠨᠣᠭᠯᠠᠯ᠂ ᠵᠡᠪᠰᠡᠭᠲᠦ ᠴᠠᠭᠳᠠᠭᠠᠨ ᠤ ᠲᠣᠨᠣᠭᠯᠠᠯ ᠵᠡᠷᠭᠡ 6 ᠶᠡᠭᠡ ᠲᠦᠷᠦᠯ ᠤᠨ 600 ᠭᠠᠷᠤᠶ ︵ᠢᠵᠢ︶ ᠪᠠᠴᠢᠮ ᠪᠠᠶᠢᠳᠠᠯ ᠢ ᠠᠷᠭᠠᠴᠠᠭᠠᠬᠤ᠂ | ᠲᠠᠶᠢᠨ ᠢ ᠠᠷᠭᠠᠴᠠᠭᠠᠬᠤ ᠲᠥᠬᠦᠭᠡᠷᠦᠮᠵᠢ ᠪᠣᠯᠤᠨ ᠲᠡᠷᠭᠡ ᠬᠥᠰᠭᠡ ᠶᠢ ᠲᠣᠭᠤᠷᠢᠨ ᠦᠵᠡᠪᠡ᠃ ᠳᠠᠷᠠᠭ᠎ᠠ ᠨᠢ᠂ ᠴᠡᠷᠢᠭ ᠠᠩᠭᠢ ᠪᠠ ᠣᠷᠣᠨ ᠨᠤᠲᠤᠭ ᠤᠨ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠭᠤᠨ ᠢ ᠬᠠᠮᠠᠭᠠᠯᠠᠬᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠰᠣᠷᠢᠯᠲᠠ ᠵᠢᠩᠬᠢᠨᠢ ᠪᠠᠷ ᠡᠬᠢᠯᠡᠵᠦ᠂ ᠵᠢᠩᠭᠢᠨᠢ ᠰᠤᠮᠤᠨ ᠤ ᠬᠠᠷᠪᠤᠯᠲᠠ᠂ | ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠤᠨᠲᠠᠷᠠᠭᠠᠬᠤ᠂ ᠭᠠᠯ ᠲᠦᠶᠮᠡᠷ ᠢ ᠤᠨᠲᠠᠷᠠᠭᠠᠵᠤ ᠠᠪᠤᠷᠠᠨ ᠲᠤᠰᠠᠯᠠᠬᠤ᠂ ᠡᠷᠦᠬᠡ ᠶᠢᠨ ᠴᠡᠷᠢᠭ ᠤᠨ ᠦᠶᠡᠷ ᠢ | ᠰᠡᠷᠭᠡᠶᠢᠯᠡᠵᠦ ᠠᠪᠤᠷᠠᠨ ᠲᠤᠰᠠᠯᠠᠬᠤ᠂ ᠬᠤᠯᠪᠣᠭᠠᠯᠠᠨ ᠬᠢᠯᠢ ᠶᠢ ᠴᠠᠭᠳᠠᠨ ᠪᠠᠶᠢᠴᠠᠭᠠᠵᠤ ᠬᠢᠯᠢ ᠶᠢ ᠡᠵᠡᠮᠳᠡᠬᠦ ᠵᠡᠷᠭᠡ ᠰᠣᠷᠢᠯᠲᠠ ᠶᠢ ᠲᠠᠰ ᠳᠠᠷᠠᠭᠠᠯᠠᠨ ᠶᠠᠪᠤᠭᠳᠠᠭᠤᠯᠪᠠ᠃ | ᠠᠭᠠᠭᠢᠮ᠎ᠠ ᠬᠠᠯᠠᠭᠤᠨ ᠨᠡᠷᠡᠨ ᠤ ᠳᠣᠣᠷ᠎ᠠ᠂ ᠳᠠᠷᠤᠭ᠎ᠠ ᠪᠠᠶᠢᠯᠳᠤᠭᠴᠢᠳ ᠴᠤᠭ ᠰᠦᠯᠳᠡ ᠪᠠᠳᠠᠷᠠᠩᠭᠤᠢ᠂ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠵᠤ᠂ ᠫᠤᠤᠳᠠᠯᠭ᠎ᠠ ᠶᠢᠨ | ᠲᠠᠯᠠᠪᠠᠢ ᠳᠤ ᠲᠡᠳᠡ ᠮᠡᠷᠭᠡᠨ ᠬᠠᠷᠪᠤᠵᠤ᠂ ᠭᠠᠯ ᠲᠦᠢᠮᠡᠷ ᠤᠨ ᠳᠤᠮᠳᠠ ᠲᠡᠳᠡ ︽ᠠᠶᠤᠯ ᠵᠣᠪᠠᠯᠠᠩ ᠠᠴᠠ ᠵᠠᠶᠢᠯᠠᠬᠤ ᠦᠭᠡᠢ︾᠂ ᠦᠶᠡᠷ ᠤᠰᠤᠲᠤᠯ ᠤᠨ ᠳᠤᠮᠳᠠ | ᠲᠡᠳᠡ ︽ᠰᠠᠯᠬᠢ ᠳᠠᠪᠠᠯᠭᠠᠨ ᠢ ᠰᠦᠷᠦᠨ ᠤᠷᠤᠭᠰᠢᠯᠠᠨ᠎ᠠ︾᠃ ᠪᠣᠳᠠᠲᠤ ᠪᠠᠶᠢᠯᠳᠤᠭᠠᠨ ᠲᠠᠢ ᠨᠢᠭᠲᠠ ᠤᠶᠠᠯᠳᠤᠭᠰᠠᠨ ᠡᠯ᠎ᠡ ᠵᠦᠢᠯ ᠤᠨ ᠭᠤᠶᠢᠳᠠ ᠰᠠᠶᠢᠬᠠᠨ ᠰᠣᠷᠢᠯᠲᠠ | ᠨᠢ ᠮᠠᠨ ᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠭᠡᠯ ᠬᠦᠴᠦᠨ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠰᠢᠯᠢᠳᠡᠭ ᠴᠡᠷᠢᠭ | ᠵᠠᠰᠠᠭ ᠤᠨ ᠬᠡᠪ ᠪᠣᠯᠪᠠᠰᠤᠷᠠᠯ᠂ ᠡᠷᠡᠰ ᠬᠠᠲᠠᠭᠤ ᠲᠠᠶᠢᠴᠢᠨ ᠰᠤᠷᠲᠠᠯ ᠪᠣᠯᠤᠨ ᠲᠡᠷᠢᠭᠦᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠵᠦ᠂ | ᠤᠯᠠᠨ ᠳᠤ ᠴᠡᠷᠢᠭ ᠠᠩᠬᠢ ᠪᠠ ᠣᠷᠣᠨ ᠨᠤᠲᠤᠭ ᠬᠤᠶᠠᠷ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠠᠭᠤᠰᠤᠯᠴᠠᠭᠤᠯᠬᠤ ᠪᠠᠶᠢᠭᠤᠯᠤᠯᠲᠠ ᠶᠢᠨ | ᠲᠠᠯ᠎ᠠ ᠪᠠᠷ ᠣᠯᠤᠭᠰᠠᠨ ᠰᠠᠶᠢᠨ ᠰᠠᠶᠢᠬᠠᠨ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠢᠳᠤᠯᠢᠭ ᠬᠥᠮᠦᠵᠢᠯ ᠢ | ᠲᠤᠬᠠᠢ ᠶᠢᠨ ᠭᠠᠵᠠᠷ ᠲᠤᠨᠢ ᠬᠦᠷᠲᠡᠭᠡᠪᠡ᠃ | ᠰᠣᠷᠢᠯᠲᠠ ᠳᠠᠭᠤᠰᠤᠭᠰᠠᠨ ᠤ ᠳᠠᠷᠠᠭ᠎ᠠ᠂ ᠰᠦᠨ ᠱᠤᠤ ᠴᠧᠩ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠤ ᠡᠮᠦᠨ᠎ᠡ ᠠᠴᠠ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠥᠷᠭᠡᠨ ᠤᠯᠠᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ | ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠬᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ | ᠴᠡᠷᠢᠭ ᠤᠨ ᠪᠡᠯᠡᠳᠭᠡᠯ ᠠᠯᠪᠠᠨ ᠤ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠪᠦᠬᠦ ᠣᠷᠣᠨ ᠤ ᠥᠷᠭᠡᠨ ᠤᠯᠠᠨ ᠴᠡᠷᠢᠭ ᠤᠨ ᠠᠯᠪᠠᠨ ᠠᠴᠠ | ᠪᠠᠭᠤᠭᠰᠠᠳ ᠪᠣᠯᠤᠨ ᠪᠤᠰᠤᠳ ᠬᠠᠷᠠᠭᠠᠯᠵᠠᠬᠤ ᠡᠲᠡᠭᠡᠳ ᠲᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ ᠲᠡᠷᠡ᠂ ᠣᠶᠢᠷ᠎ᠠ ᠶᠢᠨ ᠵᠢᠯ ᠤᠨ ᠲᠤᠷᠰᠢ᠂ | ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠴᠡᠷᠢᠭ ᠤᠨ ᠶᠠᠪᠤᠳᠠᠯ ᠤᠨ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠣᠷᠣᠨ ᠨᠤᠲᠤᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠣᠷᠣᠯᠴᠠᠵᠤ᠂ ᠤᠯᠤᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠥᠬᠦ ᠬᠦᠴᠦᠨ ᠢᠶᠠᠷ ᠢᠶᠠᠨ | ᠰᠠᠬᠢᠨ ᠬᠠᠮᠠᠭᠠᠯᠠᠵᠤ᠂ ᠰᠠᠭᠤᠭ᠎ᠠ ᠭᠠᠵᠠᠷ ᠤᠨ ᠣᠯᠠᠨ ᠲᠦᠮᠡᠨ ᠳᠤ ᠮᠠᠰᠢ ᠣᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠥᠭᠭᠦᠨ᠂ ᠴᠥᠭᠡᠨ ᠪᠤᠰᠤ ᠪᠠᠴᠢᠮ | ᠶᠠᠪᠤᠳᠠᠯ ᠬᠦᠴᠢᠷ ᠶᠠᠪᠤᠳᠠᠯ ᠢ ᠰᠢᠶᠳᠪᠦᠷᠢᠯᠡᠵᠦ᠂ ᠥᠪᠥᠷ ᠮᠣᠩᠭᠤᠯ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ ᠲᠣᠪᠣᠶᠢᠮ᠎ᠠ ᠵᠢᠳᠬᠦᠯ ᠦᠵᠡᠭᠦᠯᠵᠦ᠂ ᠪᠠᠯᠠᠷᠠᠰᠢ | ᠦᠭᠡᠢ ᠭᠠᠪᠢᠶ᠎ᠠ ᠪᠠᠶᠢᠭᠤᠯᠤᠭᠰᠠᠨ ᠶᠤᠮ᠃ ᠢᠯᠠᠩᠭᠤᠶ᠎ᠠ ᠠᠶᠤᠯ ᠭᠠᠮᠰᠢᠭ ᠠᠴᠠ ᠠᠪᠤᠷᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ | ᠠᠷᠭᠠᠴᠠᠭᠠᠨ ᠲᠣᠭᠲᠠᠭᠤᠨ ᠢ ᠬᠠᠮᠠᠭᠠᠯᠠᠬᠤ ᠳᠤᠮᠳᠠ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠠᠶᠤᠯ ᠲᠦᠭᠰᠢᠭᠦᠷᠢ ᠶᠢ | ᠰᠦᠷᠦᠨ ᠤᠷᠤᠭᠰᠢᠯᠠᠵᠤ᠂ ᠵᠠᠩᠭᠢᠯᠠᠭ᠎ᠠ ᠶᠢᠨ ᠴᠠᠭ ᠮᠥᠴᠡ ᠳᠤ ᠪᠡᠯᠡᠳᠭᠡᠯ ᠬᠦᠴᠦᠨ᠂ ᠭᠠᠪᠰᠢᠭᠠᠢ ᠠᠩᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠠᠷᠠᠳ ᠤᠨ ᠴᠡᠷᠢᠭ | ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠭᠢᠯᠭᠡ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠰᠢᠨ᠎ᠡ ᠠᠶᠠᠨ ᠳᠠᠭᠠᠨ᠂ ᠴᠡᠷᠢᠭ ᠤᠨ ᠲᠣᠭᠤᠷᠢᠭ ᠤᠨ ᠡᠯ᠎ᠡ | ᠱᠠᠲᠤᠨ ᠤ ᠬᠢᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ | ᠦᠭᠡᠢ ᠪᠠᠷᠢᠮᠲᠠᠯᠠᠵᠤ᠂ ᠴᠡᠷᠢᠭ ᠠᠩᠬᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠶᠠᠮᠠᠷᠪᠠ ᠴᠠᠭ ᠦᠶ᠎ᠡ ᠶᠠᠮᠠᠷᠪᠠ | ᠪᠠᠶᠢᠳᠠᠯ ᠳᠣᠣᠷ᠎ᠠ ᠴᠥᠮ ᠲᠡᠷᠢᠭᠦᠯᠡᠭᠴᠢ ᠰᠢ ᠶᠢᠨ ᠫᠢᠩ ᠤᠨ ᠵᠢᠯᠤᠭᠤᠳᠤᠯᠭ᠎ᠠ ᠶᠢ ᠡᠷᠡᠰ ᠰᠣᠨᠣᠰᠴᠤ᠂ ᠲᠡᠷᠢᠭᠦᠯᠡᠭᠴᠢ ᠰᠢ ᠶᠢᠨ ᠫᠢᠩ ᠳᠤ ᠬᠠᠷᠢᠭᠤᠴᠠᠵᠤ᠂ | ᠲᠡᠷᠢᠭᠦᠯᠡᠭᠴᠢ ᠰᠢ ᠶᠢᠨ ᠫᠢᠩ ᠢ ᠰᠡᠳᠭᠢᠯ ᠠᠮᠤᠷ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ | ᠪᠠᠴᠢᠮ ᠪᠠᠶᠢᠳᠠᠯ ᠢ ᠠᠷᠭᠠᠴᠠᠭᠠᠬᠤ᠂ ᠳᠠᠶᠢᠨ ᠢ ᠠᠷᠭᠠᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ | ᠪᠡᠯᠡᠳᠭᠡᠯ ᠢ ᠰᠠᠶᠢᠲᠤᠷ ᠬᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠦᠷᠭᠡᠳᠭᠡᠨ | ᠲᠡᠭᠦᠯᠳᠡᠷᠵᠢᠭᠦᠯᠵᠦ᠂ ᠬᠠᠮᠵᠢᠯᠴᠠᠨ ᠬᠠᠮᠲᠤᠷᠠᠯᠴᠠᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠬᠠᠸ᠂ | ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ | ︽ᠲᠠᠪᠤ ᠶᠢ ᠨᠢᠭᠡ ᠴᠤᠬᠴᠠᠵᠢᠭᠤᠯᠤᠭᠰᠠᠨ︾ ᠬᠢᠯᠢ ᠬᠢᠵᠠᠭᠠᠷ ᠢ ᠡᠵᠡᠮᠳᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠢᠯᠢ ᠬᠢᠵᠠᠭᠠᠷ ᠢ | ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠶᠢ ᠭᠦᠨᠵᠡᠭᠡᠶ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠠᠲᠤ ᠪᠠᠬᠢ ᠬᠠᠷᠢᠴᠠᠭ᠎ᠠ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠳᠡᠮᠵᠢᠵᠦ᠂ | ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ᠂ ᠦᠨᠡᠨ ᠰᠡᠳᠭᠢᠯ ᠠᠴᠠ ᠪᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠬᠠᠪᠰᠤᠷᠤᠨ ︽ᠬᠤᠶᠢᠰᠢᠳᠠ ᠶᠢᠨ | ᠶᠠᠪᠤᠳᠠᠯ︾᠂ ︽ᠠᠷᠤ ᠭᠡᠷ︾᠂ ︽ᠬᠤᠶᠢᠴᠢ ᠦᠶ᠎ᠡ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠥᠭᠬᠦ ᠬᠡᠷᠡᠭᠲᠡᠢ ᠭᠡᠵᠡᠢ᠃ |