ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ·ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠡᠬᠢᠯᠡᠪᠡ  ᠰᠦᠨ ᠱᠤᠤ ᠴᠧᠩ  ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠣᠭᠯᠠᠯᠲᠠ ᠶᠢ ᠰᠣᠨᠢᠷᠬᠠᠵᠠᠢ
ᠨᠡᠶᠢᠲᠡᠯᠡᠭᠰᠡᠨ ᠴᠠᠭ᠄
2022/8/1
      7 ᠰᠠᠷ᠎ᠠ ᠶᠢᠨ 30 ᠤ ᠣᠷᠣᠶ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ·ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠬᠦᠬᠡᠬᠤᠳᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠰᠦᠨ ᠱᠤᠤ ᠴᠧᠩ᠂ ᠸᠠᠩ ᠯᠢ ᠰᠢᠶᠠ᠂ ᠪᠣᠣ ᠭᠠᠩ᠂ ᠵᠧᠩ ᠬᠤᠩ ᠹᠠᠨ᠂ ᠢᠤᠢ ᠯᠢ ᠰᠢᠨ᠂ ᠪᠣᠣ ᠰᠢᠶᠠᠨ ᠬᠤᠸᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠦᠵᠡᠭᠴᠢᠳ ᠲᠠᠢ ᠬᠠᠮᠲᠤ ᠲᠣᠭᠯᠠᠯᠲᠠ ᠶᠢ ᠰᠣᠨᠢᠷᠬᠠᠪᠠ᠃       ᠦᠳᠡᠰᠢ ᠶᠢᠨ ᠰᠡᠯᠡᠬᠦᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ ᠳᠤ ᠥᠩᠭᠡᠲᠦ ᠳ᠋ᠧᠩ ᠳᠤᠸᠠᠯᠠᠵᠤ᠂ ᠦᠵᠡᠭᠴᠢᠳ ᠲᠦᠷᠪᠡᠨ ᠵᠦᠭ  ᠠᠴᠠ ᠬᠤᠷᠠᠨ ᠴᠤᠭᠯᠠᠷᠠᠭᠠᠳ ᠤᠨᠴᠠ ᠶᠢᠨ ᠬᠦᠭᠵᠢᠶᠡᠨᠳᠡᠢ᠃ ᠡᠬᠢᠯᠡᠯᠲᠡ ᠶᠢᠨ ᠶᠣᠰᠣᠯᠠᠯ ᠨᠢ ︽ᠬᠦᠳᠡᠭᠡ ᠳᠠᠯ᠎ᠠ ᠳᠤ ᠮᠥᠩᠬᠡ ᠶᠢᠨ ᠨᠡᠷᠡ ᠮᠠᠨᠳᠤᠯ᠎ᠠ︾ ᠭᠡᠬᠦ ᠰᠣᠩᠭᠤᠳᠠᠭ ᠳᠠᠭᠤᠤ ᠪᠠᠷ ᠬᠥᠰᠢᠭᠡ ᠪᠠᠨ ᠰᠡᠬᠦᠵᠦ᠂ ᠪᠦᠬᠦᠶᠢᠯᠡ ᠦᠳᠡᠰᠢᠯᠡᠭᠡ ᠨᠢ ᠰᠤᠩᠭᠤᠳᠠᠭ ᠳᠠᠭᠤᠤ᠂ ᠬᠠᠶᠠ ᠪᠠᠰᠠ ᠰᠡᠳᠭᠢᠯᠭᠡ ᠪᠢᠯᠬᠠᠭᠰᠠᠨ ᠬᠦᠥᠷᠨᠢᠯ ᠲᠠᠢ  ᠪᠠᠷ ᠨᠢᠵᠢᠬᠢᠷ ᠰᠠᠶᠢᠬᠠᠨ ᠶᠠᠪᠤᠭᠳᠠᠵᠠᠢ᠃       ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ᠰᠤᠶᠤᠯ ᠪᠤᠯᠪᠠᠰᠤᠨ ᠢᠶᠠᠷ ᠤᠮᠠᠷᠠᠲᠤ ᠬᠢᠯᠢ ᠶᠢ ᠬᠡᠶᠢᠬᠦᠯᠵᠤ ᠰᠦᠭ ᠰᠦᠨᠡᠰᠦ ᠶᠢ ᠱᠤᠭᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠪᠠᠷ ᠭᠤᠤᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠲᠤᠭᠤᠰᠢᠯᠠᠭᠤᠯᠵᠤ᠂ ︽ᠤᠷᠠᠯᠢᠭ ᠤᠨ ᠦᠪᠡᠳᠡᠭᠰᠢ ᠴᠤᠭᠯᠠᠭᠠᠨ ᠠᠷᠠᠳ ᠲᠦᠮᠡᠨ ᠤ ᠨᠢᠵᠢᠬᠢᠷ ᠪᠠᠶᠠᠷ︾ ᠤᠨ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠨ᠂ ᠭᠤᠤᠯ ᠰᠡᠳᠦᠪ ᠲᠣᠪᠣᠶᠢᠮ᠎ᠠ᠂ ᠰᠣᠳᠣᠨ ᠪᠦᠲᠦᠭᠡᠯ ᠪᠠᠶᠠᠯᠢᠭ᠂ ᠣᠯᠠᠨ ᠲᠦᠮᠡᠨ ᠳᠤ ᠮᠡᠳᠡᠷᠡᠭᠳᠡᠭᠰᠡᠨ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠭᠰᠠᠨ᠂ ᠰᠣᠶᠣᠯ ᠤᠨ ᠰᠢᠮ᠎ᠠ ᠶᠢ ᠬᠠᠮᠲᠤ ᠪᠠᠷ ᠡᠳ᠋ᠯᠡᠬᠦ ᠦᠪᠡᠳᠡᠭᠰᠢ ᠴᠤᠭᠯᠠᠭᠠᠨ ᠢ ᠴᠣᠭᠴᠠᠯᠠᠵᠤ ᠪᠠᠶᠢᠨ᠎ᠠ᠃       ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ 8 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠤ᠂ ᠡᠬᠢᠯᠡᠯᠲᠡ ᠶᠢᠨ ᠶᠣᠰᠣᠯᠠᠯ ᠵᠢᠴᠢ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠦᠳᠡᠰᠢᠯᠡᠭᠡ᠂ ᠣᠨᠴᠠ ᠤᠷᠢᠭᠰᠠᠨ ᠪᠦᠲᠦᠭᠡᠯ ᠤᠨ ᠦᠵᠡᠭᠦᠯᠭᠡ᠂ ᠰᠢᠯᠢᠳᠡᠭ ᠵᠦᠴᠦᠭᠡ ᠶᠢᠨ ᠦᠵᠡᠭᠦᠯᠭᠡ᠂ ᠳᠠᠭᠤᠤ ᠬᠥᠭᠵᠢᠮ ᠤᠨ ᠲᠤᠰᠬᠠᠶ ᠰᠡᠳᠦᠪᠲᠦ ᠦᠵᠡᠭᠦᠯᠭᠡ ᠶᠢᠨ ᠲᠤᠭᠯᠠᠯᠳᠠ᠂ ᠰᠣᠶᠣᠯ ᠤᠷᠠᠯᠢᠭ ᠤᠨ ᠦᠵᠡᠰᠭᠦᠯᠡᠩ᠂ ᠲᠡᠭᠦᠰᠭᠦ ᠶᠣᠰᠣᠯᠠᠯ ᠵᠢᠴᠢ ᠪᠥᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠣᠯᠭᠤᠬᠤ ᠶᠣᠰᠣᠯᠠᠯ ᠬᠡᠬᠦ 6 ᠶᠡᠭᠡ ᠬᠡᠰᠡᠭ᠂ 25 ᠵᠦᠢᠯ ᠤᠨ ᠠᠵᠢᠯᠯᠠᠭ᠎ᠠ ᠲᠤᠬᠢᠷᠠᠭᠤᠯᠵᠠᠢ᠃ ᠤᠨᠴᠠᠭᠠᠶᠢᠯᠠᠨ ᠪᠡᠭᠡᠵᠢᠩ  ᠤᠨ ᠳᠠᠭᠤᠤ ᠬᠥᠭᠵᠢᠮ ᠤᠨ ᠨᠡᠶᠢᠭᠡᠮᠯᠢᠭ᠂ ᠳᠤᠮᠳᠠᠳᠤ ᠤᠯᠤᠰ ᠤᠨ ᠳᠠᠭᠤᠯᠠᠯᠲᠤ ᠵᠦᠴᠦᠭᠡ ᠪᠦᠵᠢᠭᠲᠦ ᠵᠦᠴᠦᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠼᠢᠷᠺ  ᠤᠨ ᠪᠦᠯᠬᠦᠮ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ ᠬᠦᠷᠢᠶᠡᠯᠡᠩ ᠪᠦᠯᠬᠦᠮ᠂ ᠲᠣᠮᠣ ᠬᠡᠯᠪᠡᠷᠢ ᠶᠢᠨ ᠨᠠᠶᠢᠷᠠᠯ ᠳᠠᠭᠤᠤ ᠶᠢᠨ ᠲᠤᠤᠯᠢ ︽ᠵᠠᠮᠴᠢᠯᠠᠭᠴᠢ·ᠬᠡᠷᠡᠯ ᠰᠠᠴᠤᠷᠠᠩᠭᠤᠢ ᠵᠠᠭᠤᠨ ᠵᠢᠯ︾᠂ ︽ᠳᠣᠷᠣᠨ᠎ᠠ ᠵᠦᠭ ᠲᠤ ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠠᠷᠠᠲᠤ ᠬᠥᠮᠦᠰ ᠤᠨ ᠰᠣᠩᠭᠤᠳᠠᠭ ᠳᠠᠭᠤᠤ ᠬᠥᠭᠵᠢᠮ ᠤᠨ ᠴᠤᠭᠯᠠᠭᠠᠨ᠂ ᠬᠤᠪᠢᠰᠬᠠᠯ ᠤᠨ ᠰᠣᠩᠭᠤᠳᠠᠭ ᠳᠠᠭᠤᠯᠠᠯᠳᠤ ᠵᠦᠴᠦᠬᠡ ︽ᠰᠢᠶᠤᠤ ᠡᠯ ᠡᠾᠸᠢ ᠬᠤᠷᠢᠮᠯᠠᠭᠰᠠᠨ ᠨᠢ︾᠂ ᠪᠦᠵᠢᠭᠲᠦ ᠵᠦᠴᠦᠭᠡ ︽ᠺᠦᠩᠽᠢ︾᠂ ᠼᠢᠷᠺ ᠵᠦᠴᠦᠬᠡ ︽ᠵᠠᠯᠠᠭᠤ ᠨᠠᠰᠤᠨ ᠤ ing︾᠂ ᠶᠧᠯᠸᠢ ᠵᠦᠴᠦᠭᠡ ︽ᠪᠢ ᠬᠡᠨ ᠪᠣᠶ︾ ᠵᠡᠷᠭᠡ ᠰᠣᠨᠢᠷᠬᠠᠯᠲᠠᠶ ᠵᠦᠴᠦᠭᠡ ︵ᠫᠷᠤᠭ᠍ᠷᠠᠮ︶ ᠨᠦᠭᠦᠳ ᠢ ᠲᠤᠬᠢᠷᠠᠭᠤᠯᠤᠭᠰᠠᠨ ᠮᠦᠷᠳᠡᠭᠡᠨ ᠤᠯᠤᠰ ᠤᠨ ᠳᠣᠲᠣᠭᠠᠳᠤ ᠶᠢᠨ 20 ᠰᠢᠬᠠᠮ ᠰᠢ ᠵᠦᠴᠦᠭᠡ ᠶᠢᠨ ᠨᠡᠷᠡᠳᠤ ᠤᠷᠠᠯᠢᠭᠴᠢᠨ ᠢ ᠤᠷᠢᠵᠤ᠂ ᠮᠠᠨ ᠤ ᠣᠷᠣᠨ ᠤ ᠦᠵᠡᠭᠴᠢᠳ ᠲᠤ ᠨᠡᠷᠡᠳᠤ ᠤᠷᠠᠯᠢᠭᠴᠢᠨ ᠴᠤᠭᠯᠠᠷᠠᠭᠰᠠᠨ ᠰᠢ ᠵᠦᠴᠦᠭᠡ ᠶᠢᠨ ᠦᠪᠡᠳᠡᠭᠰᠢ ᠨᠠᠶᠢᠷ ᠢ ᠰᠣᠨᠢᠷᠬᠠᠭᠤᠯᠬᠤ ᠪᠠᠷ ᠪᠤᠢ᠃ ᠡᠭᠦᠨ ᠤ ᠬᠠᠮᠲᠤ ᠪᠠᠰᠠ ᠪᠦᠵᠢᠭᠲᠦ ᠵᠦᠴᠦᠭᠡ ︽ᠮᠣᠷᠢᠲᠤ ᠴᠡᠷᠢᠭ︾᠂ ᠼᠢᠷᠺ ᠵᠦᠴᠦᠬᠡ ︽ᠪᠢᠳᠡᠨ ᠤ ᠰᠠᠶᠢᠨ ᠰᠠᠶᠢᠬᠠᠨ ᠠᠮᠢᠳᠤᠷᠠᠯ︾᠂ ᠱᠠᠨ ᠰᠢ ᠵᠦᠴᠦᠭᠡ ︽ᠡᠤ ᠬᠠᠨ ᠳ᠋ᠢᠩ︾᠂ ᠬᠥᠭᠵᠢᠮᠲᠦ ᠵᠦᠴᠦᠭᠡ ︽ᠬᠦᠭᠵᠢᠨ ᠪᠠᠳᠠᠷᠠᠭᠰᠠᠨ ᠴᠠᠭ ᠦᠶ᠎ᠡ︾ ᠵᠡᠷᠭᠡ ᠶᠢ ᠪᠠᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢᠨ ᠦᠵᠡᠭᠦᠯᠭᠡ ᠶᠢᠨ ᠲᠤᠭᠯᠠᠯᠳᠠ ᠭᠠᠷᠭᠠᠬᠤ ᠪᠤᠯᠤᠨ᠎ᠠ᠃ ᠡᠳᠡᠭᠡᠷ ᠠᠵᠢᠯᠯᠠᠭ᠎ᠠ ᠨᠢ ᠭᠦᠨ ᠵᠤᠵᠠᠭᠠᠨ ᠳᠤᠮᠳᠠᠳᠤ ᠶᠢᠨ ᠰᠣᠶᠣᠯ ᠤᠷᠠᠯᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠳ᠋ᠯᠡᠬᠦ ᠪᠠᠷ ᠪᠠᠷᠠᠬᠤ ᠦᠭᠡᠢ ᠨᠡᠩ ᠴᠤ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠬᠤ ᠪᠤᠯᠤᠨ᠎ᠠ᠃       ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠬᠡᠬᠦ ᠨᠠᠶᠢᠷᠠᠯ ᠳᠠᠭᠤᠤ ᠶᠢᠨ ᠰᠡᠳᠭᠢᠯ ᠬᠥᠳᠡᠯᠭᠡᠮ᠎ᠡ ᠠᠶᠠᠰ ᠢ ᠳᠠᠭᠠᠯᠳᠤᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ·ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠦᠨᠳᠦᠷᠯᠡᠵᠦ᠂ ᠰᠣᠩᠭᠤᠳᠠᠭ ᠳᠠᠭᠤᠤ ᠶᠢᠨ ᠦᠳᠡᠰᠢᠯᠡᠭᠡ ᠴᠠᠭ ᠤᠷᠤᠨ ᠵᠠᠢ ᠶᠢ ᠲᠤᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠭᠢᠯᠭᠡ ᠶᠢ ᠦᠶ᠎ᠡ ᠶᠢᠨ ᠦᠶ᠎ᠡ ᠳᠤ ᠤᠯᠠᠮᠵᠢᠯᠠᠨ ᠪᠠᠳᠠᠷᠠᠭᠤᠯᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠪᠦᠬᠦ ᠬᠦᠴᠦᠨ ᠢᠶᠠᠷ ᠰᠠᠶᠢᠲᠤᠷ ᠪᠦᠳᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠳᠦᠭᠡᠨ ᠪᠠᠶᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ