ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ  ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2022/8/1

      7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2022 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠶᠠᠩ ᠰᠢᠩ ᠮᠧᠩ ᠲᠤᠰᠬᠠᠢ ᠰᠡᠳᠦᠪᠳᠤ ᠬᠠᠪᠰᠤᠷᠤᠨ ᠵᠢᠯᠤᠭᠤᠳᠤᠯᠭ᠎ᠠ ᠬᠢᠵᠤ᠂ ᠬᠤᠸᠠᠩ ᡁᠢ ᠴᠢᠶᠠᠩ᠂ ᠠᠢ ᠯᠢ ᠬᠤᠸᠠ ᠭᠤᠣᠯᠳᠠᠯᠭ᠎ᠠ ᠲᠠᠢ ᠦᠭᠡ ᠬᠡᠯᠡᠵᠡᠢ᠃
      ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠠᠷ ᠳᠤᠤᠷᠠᠳᠤ ᠱᠠᠳᠤ ᠪᠠᠨ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠶᠢ ᠴᠢᠩᠭ᠎ᠠ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠡᠷᠡᠰ ᠲᠤᠭᠤᠰᠢᠯᠠᠭᠤᠯᠬᠤ ᠬᠡᠷᠡᠭᠲᠡᠢ ᠭᠡᠵᠤ ᠬᠡᠯᠡᠪᠡ᠃
      ᠸᠠᠩ ᠯᠢ ᠰᠢᠶᠠ᠂ ᠡᠷᠬᠡᠪᠰᠢ ᠭᠦᠨᠵᠡᠭᠡᠶᠢᠷᠡᠬᠦᠯᠬᠦ᠂ ᠰᠡᠳᠭᠢᠯ ᠳᠡᠭᠡᠨ ᠬᠠᠳᠠᠩᠰᠢᠭᠤᠯᠬᠤ᠂ ᠪᠣᠳᠠᠲᠠᠢ ᠬᠢᠬᠦ ᠶᠢᠨ ᠲᠤᠭᠤᠷᠢᠨ ᠳᠤ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠳᠠᠯ ᠤᠨ ᠬᠤᠪᠢᠷᠠᠯᠲᠠ ᠶᠢ ᠴᠢᠩᠭ᠎ᠠ ᠳᠠᠭᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤ ᠪᠤᠢ ᠪᠣᠯᠭᠠᠵᠤ᠂ ᠢᠮᠠᠭᠲᠠ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠶᠢᠨ ᠦᠨᠳᠦᠷᠴᠡ ᠳᠤ ᠵᠤᠭᠰᠤᠵᠤ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠬᠤ ᠦᠨᠳᠦᠷᠴᠡ ᠳᠤ ᠵᠤᠭᠰᠤᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠨᠢᠳᠤᠨ ᠳᠤ ᠦᠵᠡᠭᠳᠡᠮ᠎ᠠ᠂ ᠭᠠᠷ ᠲᠤ ᠪᠠᠷᠢᠭᠳᠠᠮ᠎ᠠ᠂ ᠰᠡᠳᠭᠢᠯ ᠳᠤ ᠰᠠᠭᠤᠭᠳᠠᠮ᠎ᠠ ᠪᠠᠶᠢᠬᠤ ᠶᠢᠨ ᠲᠤᠭᠤᠷᠢᠨ ᠳᠤ᠂ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠰᠣᠶᠣᠯ ᠤᠨ ᠬᠠᠮᠲᠤ ᠶᠢᠨ ᠲᠠᠨᠢᠯᠲᠠ ᠶᠢ ᠦᠨᠳᠦᠰᠦᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠠᠯᠤᠰ ᠬᠡᠳᠦ ᠶᠢᠨ ᠴᠢᠨᠠᠷᠲᠠᠢ ᠠᠰᠠᠭᠤᠳᠠᠯ ᠪᠣᠯᠭᠠᠨ ᠪᠣᠳᠣᠯᠬᠢᠯᠠᠨ ᠠᠬᠢᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ︽ᠰᠠᠭᠤᠷᠢ ᠶᠢ ᠴᠣᠭᠴᠠᠯᠠᠬᠤ︾ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠲᠡᠨ ᠨᠦᠭᠦᠳ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠭᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠤᠶᠠᠯᠳᠤᠬᠤ ᠶᠢ ᠠᠬᠢᠭᠤᠯᠬᠤ ᠬᠡᠷᠡᠭᠲᠡᠢ ᠭᠡᠵᠤ ᠬᠡᠯᠡᠵᠠᠢ᠃
      ᠸᠠᠩ ᠯᠢ ᠰᠢᠶᠠ᠂ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠤᠳᠤᠷᠢᠳᠬᠤ ᠺᠠᠳ᠋ᠷ ᠨᠠᠶᠢᠳᠠᠪᠤᠷᠢᠵᠢᠭᠤᠯᠬᠤ᠂ ᠪᠤᠳᠠᠳᠠᠢ ᠨᠠᠶᠢᠳᠠᠪᠤᠷᠢᠵᠢᠭᠤᠯᠬᠤ᠂ ᠨᠠᠷᠢᠯᠢᠭ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ︽ᠴᠢᠳᠠᠪᠤᠷᠢ ᠬᠤᠮᠰᠠᠳᠠᠬᠤ︾ ᠲᠦᠭᠰᠢᠭᠦᠷᠢᠲᠦ ᠪᠤᠳᠤᠯ ᠢᠶᠠᠨ ᠬᠠᠳᠠᠭᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠢᠮ᠎ᠡ ᠶᠣᠰᠣ ᠶᠢ ᠡᠵᠡᠮᠳᠡᠬᠦ᠂ ᠦᠨᠳᠦᠰᠦᠲᠡᠨ ᠤ ᠬᠦᠷᠢᠶᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠪᠦᠯᠬᠦᠮᠳᠡᠯ ᠢ ᠡᠵᠡᠮᠳᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠤᠨ ᠰᠢᠯᠭᠠᠷᠠᠭᠰᠠᠨ ᠮᠡᠷᠭᠡᠵᠢᠯᠲᠡᠨ ᠪᠣᠯᠬᠤ ᠪᠠᠷ ᠲᠦᠷᠦᠭᠦᠯᠡᠨ ᠴᠢᠷᠮᠠᠶᠢᠵᠤ᠂ ᠵᠣᠷᠢᠭ ᠰᠠᠨᠠᠭ᠎ᠠ ᠶᠢ ᠣᠶᠢᠯᠠᠭᠠᠬᠤ ᠳᠤ ᠵᠥᠷᠢᠶ᠎ᠠ ᠦᠭᠡᠢ᠂ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠥᠭᠡᠷᠡᠲᠦᠭᠦᠯᠬᠦ ᠦᠭᠡᠢ ᠪᠠᠶᠢᠬᠤ ᠶᠢ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ