ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 13 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/8/1
      7 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 13 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠨᠥᠬᠦᠷ ᠤᠨ ᠤᠢᠢᠷ᠎ᠠ ᠶᠢᠨ ᠬᠤᠭᠤᠴᠠᠭᠠᠨ ᠤ ᠶᠠᠷᠢᠶ᠎ᠠ ᠪᠣᠯᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠢ ᠨᠠᠶᠢᠳᠠᠪᠤᠷᠢᠵᠢᠭᠤᠯᠬᠤ ᠠᠵᠢᠯ ᠢ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃       ᠬᠤᠷᠠᠯ ᠠᠴᠠ᠂ ᠰᠦᠨ ᠱᠤᠤ ᠴᠧᠩ ᠨᠥᠬᠦᠷ ᠤᠨ ᠤᠢᠢᠷ᠎ᠠ ᠶᠢᠨ ᠬᠤᠭᠤᠴᠠᠭᠠᠨ ᠤ ᠶᠠᠷᠢᠶ᠎ᠠ ᠪᠣᠯᠤᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠦᠨᠡᠨ ᠪᠣᠳᠠᠲᠠᠢ᠂ ᠪᠣᠳᠠᠲᠠᠢ ᠠᠵᠢᠯᠯᠠᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ ᠶᠢ ᠢᠯᠡᠷᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠯ᠎ᠡ ᠵᠦᠶᠯ ᠤᠨ ᠪᠣᠳᠠᠲᠠᠶ ᠨᠠᠶᠢᠳᠠᠪᠤᠷᠢᠵᠢᠭᠤᠯᠬᠤ ᠠᠵᠢᠯ ᠢ ᠱᠠᠯᠠᠪᠳᠠᠨ ᠲᠦᠷᠭᠡᠨ ᠬᠢᠵᠦ᠂ ᠪᠤᠰᠢᠭᠤ ᠱᠠᠯᠠᠮᠠᠭᠠᠶ ᠪᠠᠷ ᠰᠠᠶᠢᠲᠤᠷ ᠠᠳᠬᠤᠵᠤ᠂ ᠬᠤᠷᠳᠤᠴᠠ ᠶᠢ ᠲᠦᠷᠭᠡᠳᠭᠡᠨ᠂ ᠶᠠᠰᠤ ᠴᠢᠨᠠᠷ ᠢ ᠳᠡᠭᠡᠭᠰᠢᠯᠡᠬᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠭᠡ ᠶᠠᠷᠢᠶ᠎ᠡ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠬᠦᠯᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠬᠡᠷᠡᠭᠵᠢᠭᠦᠯᠬᠦ ᠲᠥᠰᠦᠯ ᠢ ᠪᠣᠳᠠᠲᠠᠶᠢᠵᠢᠭᠤᠯᠬᠤ᠂ ᠠᠵᠤ ᠠᠬᠤᠶ ᠶᠢᠨ ᠦᠨᠳᠦᠰᠦᠨ ᠬᠦᠴᠦᠨ ᠵᠦᠢᠯ ᠢ ᠲᠤᠭᠲᠠᠪᠦᠷᠢᠵᠢᠭᠤᠯᠬᠤ᠂ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠦ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠭᠠᠳᠠᠭᠠᠳᠤ ᠨᠡᠭᠡᠭᠡᠯᠲᠡ ᠶᠢ ᠨᠢᠭᠡᠳᠦᠯᠲᠡᠶ ᠲᠥᠯᠥᠪᠵᠢᠭᠦᠯᠬᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ᠠᠮᠤᠷ ᠲᠦᠪᠰᠢᠨ ᠲᠣᠭᠲᠠᠭᠤᠨ᠂ ᠠᠷᠪᠢᠯᠠᠨ ᠭᠠᠮᠨᠠᠬᠤ ᠶᠢ ᠴᠢᠩᠭᠠᠳᠬᠠᠬᠤ᠂ ᠴᠢᠳᠠᠪᠤᠷᠢᠲᠠᠨ ᠪᠠ ᠰᠢᠨ᠎ᠡ ᠶᠢ ᠡᠭᠦᠳᠬᠦ ᠵᠡᠷᠭᠡ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠦᠪᠯᠡᠷᠡᠭᠦᠯᠵᠦ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠴᠠᠭ ᠤᠨ ᠬᠢᠵᠠᠭᠠᠷ ᠪᠠᠷᠢᠮᠵᠢᠶ᠎ᠠ ᠪᠠᠨ ᠲᠣᠳᠣᠷᠬᠠᠶᠢᠯᠠᠵᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠠᠵᠢᠯ ᠢᠶᠠᠨ ᠮᠡᠳᠡᠭᠦᠯᠬᠦ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠥᠷᠯᠥᠭᠡ ᠦᠳᠡᠰᠢ ᠶᠢ ᠲᠡᠮᠡᠴᠡᠨ ᠴᠠᠭ ᠮᠥᠴᠡ ᠲᠠᠢ ᠤᠷᠤᠯᠳᠤᠨ᠂ ᠡᠯ᠎ᠡ ᠲᠦᠷᠦᠯ ᠤᠨ ᠡᠭᠦᠷᠭᠡ ᠶᠢᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠤᠯᠬᠤ᠂ ᠰᠢᠨ᠎ᠡ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠵᠤ᠂ ᠠᠬᠢᠴᠠ ᠶᠢ ᠲᠦᠷᠭᠡᠳᠭᠡᠵᠦ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ