ᠮᠠᠨ ᠤ ᠣᠷᠣᠨ ᠤ 7 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/1

      7 ᠳ᠋ᠤᠭᠠᠷ ᠰᠠᠷ᠎ᠠ ᠶᠢᠨ 31 ᠤ ᠡᠳᠦᠷ ᠤᠨ 0 ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠨᠡᠮᠡᠭᠳᠡᠪᠡ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ︵ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃
     7 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 1 ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 3 ︵ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ︵ᠴᠥᠮ ᠬᠥᠬᠡᠬᠤᠲᠠ ᠳᠤ︶ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ