ᠰᠦᠨ ᠱᠤᠤ ᠴᠧᠩ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠾᠧ ᠫᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/10

      8 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠥᠬᠡᠬᠤᠲᠠ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠨᠡᠷ ᠲᠠᠢ ᠠᠭᠤᠯᠵᠠᠪᠠ᠃

1.jpg


2.jpg


      ᠰᠦᠨ ᠱᠤᠤ ᠴᠧᠩ ᠡᠩ ᠲᠡᠷᠢᠭᠦᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠰᠣᠶᠣᠯ ᠤᠨ ᠬᠡᠯᠪᠡᠷᠢ ᠣᠯᠠᠨ ᠶᠠᠩᠵᠤ ᠶᠢᠨ ᠪᠠᠶᠢᠵᠤ᠂ ᠵᠢᠯ ᠤᠨ ᠳᠥᠷᠪᠡᠨ ᠤᠯᠠᠷᠢᠯ ᠳᠤ ᠴᠥᠮ ᠦᠩᠭᠡ ᠦᠵᠡᠮᠵᠢ ᠰᠠᠶᠢᠳᠠᠢ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠮᠠᠰᠢ ᠶᠡᠭᠡ᠂ ᠢᠷᠡᠭᠡᠳᠦᠶ ᠭᠡᠭᠡᠨ ᠰᠠᠷᠠᠭᠤᠯ ᠶᠤᠮ᠃ ᠪᠢᠳᠡ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠥᠩᠭᠡᠷᠡᠭᠰᠡᠨ ᠲᠠᠢ ᠪᠠᠨ ᠠᠳᠠᠯᠢ ᠪᠠᠷ ᠵᠢᠯᠤᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠰᠣᠶᠣᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃

      ᠬᠤ᠋ ᠾᠧ ᠫᠢᠩ᠂ ᠰᠣᠶᠣᠯ ᠪᠠ ᠵᠢᠭᠤᠯᠴᠢᠯᠠᠯ ᠤᠨ ᠶᠠᠮᠤᠨ ᠥᠪᠥᠷ ᠮᠣᠩᠭᠤᠯ ᠤᠨ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠢᠮᠠᠭᠲᠠ ᠲᠤᠶᠢᠯ ᠢᠶᠠᠷ ᠠᠩᠬᠠᠷᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠳᠭ᠋᠎ᠠ ᠤᠷᠠᠯᠢᠭ ᠤᠨ ᠵᠣᠬᠢᠶᠠᠨ ᠪᠦᠲᠦᠭᠡᠯᠭᠡ ᠲᠣᠭᠯᠠᠯᠲᠠ᠂ ᠰᠣᠶᠣᠯ ᠤᠨ ᠥᠪ ᠤᠨ ᠬᠠᠮᠠᠭᠠᠯᠠᠯᠲᠠ᠂ ᠤᠯᠠᠭᠠᠨᠮᠥ᠋ᠴᠢᠷ ᠤᠨ ᠬᠥᠭᠵᠢᠯᠲᠡ᠂ ᠵᠢᠭᠤᠯᠴᠢᠯᠠᠯ ᠤᠨ ᠲᠦᠷᠦᠯ ᠲᠡᠮᠳᠡᠭ ᠤᠨ ᠤᠬᠠᠭᠤᠯᠭ᠎ᠠ ᠲᠠᠨᠢᠯᠴᠠᠭᠤᠯᠭ᠎ᠠ ᠪᠠ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠥᠪᠥᠷ ᠮᠣᠩᠭᠤᠯ ᠳᠤ ᠢᠳᠡᠪᠬᠢᠲᠡᠢ ᠳᠡᠮᠵᠢᠯᠭᠡ᠂ ᠦᠢᠯᠡᠴᠢᠯᠡᠭᠡ ᠪᠠ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ᠂ ᠪᠣᠣ ᠰᠢᠶᠠᠨ ᠬᠤᠸᠠ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ