ᠸᠠᠩ ᠯᠢ ᠰᠢᠶᠠ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠲᠤᠬᠠᠢ ᠶᠢᠨ ᠭᠠᠵᠠᠷ ᠤᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄
2022/8/10

      8 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠷᠳᠤᠰ ᠲᠤ ᠳᠠᠭᠠᠭᠠᠴᠢᠯᠠᠨ ᠬᠠᠷᠢᠭᠤᠴᠠᠵᠤ ᠪᠠᠶᠢᠭ᠎ᠠ ᠵᠠᠬᠢᠳᠠᠯ ᠰᠤᠷᠪᠤᠯᠵᠢᠯᠠᠯ ᠤᠨ ᠵᠦᠢᠯᠡᠰ ᠤᠨ ᠲᠤᠬᠠᠢ ᠶᠢᠨ ᠭᠠᠵᠠᠷ ᠤᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠪᠠ᠃

2.jpg

1.jpg

 

      ᠸᠠᠩ ᠯᠢ ᠰᠢᠶᠠ ᠤᠷᠢᠳ ᠬᠤᠵᠢᠳ ᠬᠤᠶᠠᠷ ᠪᠦᠯᠦᠭ ᠤᠳᠠᠭ᠎ᠠ ᠶᠢᠨ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠠᠨ ᠠᠪᠴᠤ ᠠᠭᠤᠯᠵᠠᠨ᠂ ᠲᠡᠳᠡᠨ ᠤ ᠲᠤᠰᠬᠠᠭᠰᠠᠠ ᠠᠰᠠᠭᠤᠳᠠᠯ ᠢ ᠨᠠᠷᠢᠨ ᠣᠶᠢᠯᠠᠭᠠᠵᠤ᠂ ᠬᠦᠯᠢᠴᠡᠩᠭᠦᠢ ᠪᠠᠷ ᠨᠠᠷᠢᠨ ᠲᠠᠶᠢᠯᠪᠤᠷᠢᠯᠠᠨ ᠲᠣᠳᠣᠷᠬᠠᠶᠢᠯᠠᠵᠤ᠂ ᠲᠤᠬᠠᠢ ᠶᠢᠨ ᠲᠠᠯᠠᠪᠠᠢ ᠳᠤ ᠠᠯᠪᠠᠯᠠᠨ ᠠᠰᠠᠭᠤᠳᠠᠯ ᠢ ᠰᠢᠢᠳᠪᠦᠷᠢᠯᠡᠵᠦ᠂ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠬᠢᠨ ᠢ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠤᠯᠢ ᠲᠣᠭᠲᠠᠭᠠᠯ ᠶᠣᠰᠣᠭᠠᠷ ᠪᠣᠳᠠᠲᠠᠢ ᠰᠢᠢᠳᠪᠦᠷᠢᠯᠡᠬᠦ ᠶᠢ ᠵᠠᠬᠢᠪᠠ᠃

      ᠸᠠᠩ ᠯᠢ ᠰᠢᠶᠠ᠂ ᠵᠠᠬᠢᠳᠠᠯ ᠰᠤᠷᠪᠤᠯᠵᠢᠯᠠᠯ ᠤᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠠᠨ ᠲᠦᠮᠡᠨ ᠤ ᠵᠣᠭᠰᠣᠯᠲᠠ ᠪᠠᠷ ᠪᠠᠲᠤ᠂ ᠤᠯᠠᠨ ᠲᠦᠮᠡᠨ ᠢ ᠦᠨᠡᠨ ᠬᠦ ᠲᠤᠳᠤᠨᠤ ᠬᠦᠮᠦᠨ ᠢᠶᠠᠨ ᠪᠣᠯᠭᠠᠵᠤ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠬᠠᠷᠢᠭᠤᠴᠠᠯᠭ᠎ᠠ ᠪᠠ ᠬᠠᠶᠢᠷ᠎ᠠ ᠰᠡᠳᠭᠢᠯᠭᠡ ᠲᠠᠢ ᠪᠠᠷ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠯᠠᠮᠵᠢᠯᠠᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠢᠳᠡᠬᠦᠮᠵᠢᠯᠡᠨ ᠬᠠᠮᠢᠶᠡᠷᠴᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠯ᠎ᠡ ᠲᠦᠷᠦᠯ ᠤᠨ ᠵᠥᠷᠢᠴᠡᠯ ᠵᠠᠭᠤᠷᠠᠯᠳᠤᠭᠠᠨ ᠪᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠡᠬᠦᠰᠤᠯ ᠤᠨ ᠱᠠᠳᠤᠨ ᠳᠤᠨᠢ ᠰᠢᠢᠳᠪᠦᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠤᠭᠤᠷᠢᠨ ᠢ ᠪᠤᠢ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ