ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠪᠠ  ᠳ᠋ᠢᠩ ᠰᠢᠦ ᠹᠧᠩ ᠶᠠᠷᠢᠶ᠎ᠠ ᠲᠠᠯᠪᠢᠵᠤ ᠵᠧᠩ ᠭᠤᠸᠠᠩ ᠵᠤᠤ ᠬᠤᠷᠠᠯ ᠢ ᠡᠷᠬᠢᠯᠡᠵᠡᠢ  ᠶᠠᠩ ᠽᠦᠩ ᠷᠧᠨ  ᠯᠢ ᠴᠢ ᠯᠢᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/8/10

      7 ᠰᠠᠷ᠎ᠠ ᠶᠢᠨ 27᠎ ᠤ ᠡᠳᠦᠷ᠂ ᠪᠦᠬᠦ ᠤᠷᠤᠨ ᠤ ᠤᠯᠤᠰ ᠲᠦᠷᠦ ᠬᠠᠤᠯᠢ ᠴᠠᠭᠠᠵᠠ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠸᠢᠳᠢᠣ᠋ ᠬᠡᠯᠪᠡᠷᠢ ᠪᠠᠷ ᠬᠦᠬᠡᠬᠤᠳᠠ ᠳᠤ ᠬᠤᠷᠠᠯᠳᠤᠵᠠᠢ᠃ ᠬᠤᠷᠠᠯ ᠠᠴᠠ ᠤᠯᠤᠰ ᠲᠥᠷᠥ ᠬᠠᠤᠯᠢ ᠴᠠᠭᠠᠵᠠ ᠶᠢᠨ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠪᠠ ᠤᠯᠤᠰ ᠲᠥᠷᠥ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠤᠷ᠎ᠠ ᠬᠠᠭᠠᠰ ᠵᠢᠯ ᠤᠨ ᠤᠯᠤᠰ ᠲᠥᠷᠥ ᠬᠠᠤᠯᠢ ᠴᠠᠭᠠᠵᠠ ᠶᠢᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠤ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠱᠦᠵᠢ ᠵᠧᠩ ᠭᠤᠸᠠᠩ ᠵᠤᠤ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠵᠠᠢ᠃
      ᠳ᠋ᠢᠩ ᠰᠢᠤ ᠹᠧᠩ᠂ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠤᠳᠠ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠰᠢᠯᠭᠠᠨ ᠠᠪᠬᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ᠂ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠯᠳᠡ ᠶᠢᠨ ᠲᠠᠪᠴᠠᠩ ᠤᠨ ᠪᠥᠬᠦ ᠲᠠᠯ᠎ᠠ ᠶᠢᠨ ᠠᠵᠢᠯᠯᠠᠭᠠᠨ ᠤ ᠦᠵᠡᠯ ᠰᠠᠨᠠᠭᠠᠨ ᠤ ᠪᠡᠯᠡᠳᠭᠡᠯ᠂ ᠲᠤᠬᠠᠶᠢᠯᠠᠭᠰᠠᠨ ᠠᠵᠢᠯ ᠤᠨ ᠪᠡᠯᠡᠳᠭᠡᠯ ᠪᠠ ᠲᠦᠷᠢᠮ ᠤᠨ ᠪᠡᠯᠡᠳᠭᠡᠯ ᠢ ᠰᠠᠶᠢᠲᠤᠷ ᠬᠢᠵᠦ᠂ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠲᠠᠪᠴᠠᠩ ᠢ ᠦᠨᠡᠨ ᠬᠦ ᠰᠠᠶᠢᠲᠤᠷ ᠬᠡᠷᠡᠭᠯᠡᠵᠦ᠂ ᠣᠶᠤᠨᠴᠢᠯᠠᠭᠰᠠᠨ ᠬᠢᠨᠠᠯᠲᠠ ᠪᠠᠷ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠭᠡᠳᠡᠷᠭᠦ ᠰᠢᠬᠠᠮᠳᠠᠭᠤᠯᠤᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠢ ᠬᠠᠤᠯᠢ ᠴᠠᠭᠠᠵᠠ ᠶᠢᠨ ᠬᠡᠷᠡᠭ ᠪᠤᠯᠭᠠᠨ ᠠᠴᠠ ᠲᠥᠪ ᠭᠤᠤᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠶ ᠬᠡᠵᠦ ᠴᠢᠬᠤᠯᠠᠴᠢᠯᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ