|
ᠮᠠᠨ ᠤ ᠣᠷᠣᠨ ᠤ 8 ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/8/11
|
|
8 ᠳ᠋ᠤᠭᠠᠷ ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 4 ︵ᠪᠦᠬᠦᠨ ᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶ ᠨᠡᠮᠡᠭᠳᠡᠪᠡ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 2︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6 ︵ᠪᠦᠬᠦᠨ ᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶ ᠨᠡᠮᠡᠭᠳᠡᠪᠡ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 5 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 4︶ ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 9 ᠪᠠᠶᠢᠵᠤ᠂ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠭᠠᠵᠠᠷ ᠤᠨ ᠲᠣᠳᠣᠯᠠᠭᠰᠠᠨ 2 ᠡᠪᠡᠳᠴᠢᠨ ᠤ ᠵᠢᠱᠢᠶ᠎ᠡ ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ 1᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 1︶ ᠢᠯᠡᠷᠢᠰᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 4 ᠲᠣᠳᠣᠯᠠᠭᠰᠠᠨ ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠴᠤ᠂ ᠡᠪᠡᠳᠴᠢᠨ ᠤ ᠢᠯᠡᠷᠡᠯ ᠦᠭᠡᠢ 7 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠴᠥᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ 8 ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 116 ᠪᠠᠶᠢᠵᠤ᠂ ᠡᠭᠦᠨ ᠳᠤ ᠪᠣᠭᠤᠲᠤ ᠬᠤᠲᠠ ᠳᠤ 2 ︵ᠴᠦᠮ ᠴᠢᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 34 ︵ᠡᠷᠢᠶᠡᠨ ᠬᠤᠲᠠ ᠳᠤ 32᠂ ᠰᠦᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠲᠠ ᠳᠤ 76 ︵ᠵᠢᠨᠢᠩ ᠲᠣᠭᠤᠷᠢᠭ ᠲᠤ 10᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 64᠂ ᠱᠠᠩᠲᠦ ᠰᠢᠶᠠᠨ ᠳᠤ 2︶᠂ ᠣᠷᠳᠤᠰ ᠬᠤᠲᠠ ᠳᠤ 2 ︵ᠴᠥᠮ ᠡᠵᠡᠨ ᠬᠤᠷᠤᠭ᠎ᠠ ᠬᠤᠰᠢᠭᠤᠨ ᠳᠤ︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 39 ᠪᠠᠶᠢᠵᠤ᠂ ᠡᠭᠦᠨ ᠳᠤ ᠰᠢᠯᠢ ᠶᠢᠨ ᠭᠤᠣᠯ ᠠᠶᠢᠮᠠᠭ ᠲᠤ 19 ︵ᠡᠷᠢᠶᠡᠨ ᠬᠤᠲᠠᠨ ᠳᠤ 18᠂ ᠰᠦᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 20 ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 18︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 18 ᠪᠠᠶᠢᠵᠤ᠂ ᠴᠦᠮ ᠬᠦᠬᠡᠬᠤᠳᠠ ᠳᠤ ᠪᠤᠢ᠃ ᠡᠳᠡᠭᠡᠷ ᠬᠦᠮᠦᠰ ᠢ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|