1–7 ᠰᠠᠷ᠎ᠠ ᠳᠤ ᠮᠠᠨ ᠤ ᠣᠷᠣᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ 84 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2022/8/11

      1–7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 2022 ᠣᠨ ᠤ ᠡᠩ ᠤᠨ ᠣᠯᠠᠨ ᠨᠡᠶᠢᠲᠡ ᠶᠢᠨ ᠲᠥᠰᠥᠪ ᠠᠴᠠ ᠳᠣᠷᠣᠭᠰᠢ ᠰᠢᠯᠵᠢᠭᠦᠯᠦᠨ ᠥᠭᠬᠦ ᠪᠡᠯᠡ ᠮᠥᠩᠭᠦ ᠶᠢ 84.19 ᠳ᠋ᠦᠩᠰᠢᠭᠤᠷ ᠲᠥᠭᠦᠷᠢᠭ ᠪᠠᠭᠤᠯᠭᠠᠪᠠ᠂ ᠡᠭᠦᠨ ᠳᠤ᠂ ᠲᠥᠪ ᠤᠨ ᠪᠡᠯᠡ ᠮᠥᠩᠭᠦ 52.32 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ 31.87 ᠳ᠋ᠦᠩᠰᠢᠭᠤᠷ ᠲᠥᠭᠦᠷᠢᠭ ᠪᠣᠢ᠃ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ 304 ᠲᠦᠮᠡᠨ ᠬᠥᠮᠥᠨ ︵ᠤᠳᠠᠭ᠎ᠠ︶ ᠢ ᠳᠠᠪᠠᠪᠠ᠃

      ︽ᠨᠡᠮᠡᠭᠳᠡᠯ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠲᠣᠭᠲᠠᠭᠤᠨ ᠢ ᠪᠠᠲᠤᠯᠠᠬᠤ︾ ᠭᠤᠣᠯ ᠰᠢᠵᠢᠮ ᠤᠨ ᠲᠣᠭᠤᠷᠢᠨ ᠳᠤ᠂ ︽ᠲᠥᠰᠥᠪ ᠤᠨ ᠬᠠᠤᠯᠢ︾ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠳᠣᠷᠣᠭᠰᠢ ᠪᠠᠭᠤᠯᠭᠠᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠷᠠᠳ ᠤᠨ ᠠᠮᠢᠳᠤᠷᠠᠯ ᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ ᠪᠣᠢ᠃

      ᠳᠣᠷᠣᠭᠰᠢ ᠪᠠᠭᠤᠯᠭᠠᠭᠰᠠᠨ ᠪᠡᠯᠡ ᠮᠥᠩᠭᠦ ᠨᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ 7 ᠬᠦᠷᠢᠶ᠎ᠡ ᠴᠠᠷᠠᠭ᠎ᠠ ᠵᠢᠴᠢ ᠴᠢᠭᠯᠡᠯ ᠳᠤ ᠬᠤᠯᠪᠣᠭᠳᠠᠪᠠ᠃ ᠡᠭᠦᠨ ᠳᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥᠯ ᠤᠨ ᠪᠡᠯᠡ ᠮᠥᠩᠭᠦ 71.19 ᠳ᠋ᠦᠩᠰᠢᠭᠤᠷ ᠲᠥᠭᠦᠷᠢᠭ᠂ ᠨᠠᠰᠤᠵᠢᠯ ᠤᠨ ᠠᠰᠠᠷᠠᠮᠵᠢ ᠶᠢᠨ ᠲᠥᠷᠥᠯ ᠤᠨ ᠪᠡᠯᠡ ᠮᠥᠩᠭᠦ 6.67 ᠳ᠋ᠦᠩᠰᠢᠭᠤᠷ ᠲᠥᠭᠦᠷᠢᠭ᠂ ᠨᠡᠶᠢᠭᠡᠮ ᠤᠨ ᠶᠠᠪᠤᠳᠠᠯ ᠤᠨ ᠲᠥᠷᠥᠯ ᠤᠨ ᠪᠡᠯᠡ ᠮᠥᠩᠭᠦ 5.62 ᠳ᠋ᠦᠩᠰᠢᠭᠤᠷ ᠲᠥᠭᠦᠷᠢᠭ᠂ ᠨᠢᠭᠦᠯᠡᠰᠦᠩᠭᠦᠢ ᠶᠢᠨ ᠲᠥᠷᠥᠯ ᠤᠨ ᠪᠡᠯᠡ ᠮᠥᠩᠭᠦ 0.43 ᠳ᠋ᠦᠩᠰᠢᠭᠤᠷ ᠲᠥᠭᠦᠷᠢᠭ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 0.15 ᠳ᠋ᠦᠩᠰᠢᠭᠤᠷ ᠲᠥᠭᠦᠷᠢᠭ᠂ ᠬᠡᠦᠬᠡᠳ ᠤᠨ ᠠᠰᠠᠷᠠᠮᠵᠢ ᠶᠢᠨ ᠲᠥᠷᠥᠯ ᠤᠨ ᠪᠡᠯᠡ ᠮᠥᠩᠭᠦ 0.12 ᠳ᠋ᠦᠩᠰᠢᠭᠤᠷ ᠲᠥᠭᠦᠷᠢᠭ᠂ ᠠᠷᠠᠳ ᠤᠨ ᠶᠠᠪᠤᠳᠠᠯ ᠤᠨ ᠦᠢᠯᠡᠰ ᠤᠨ ᠵᠠᠷᠤᠳᠠᠯ      0.01 ᠳ᠋ᠦᠩᠰᠢᠭᠤᠷ ᠲᠥᠭᠦᠷᠢᠭ ᠪᠣᠢ᠃

      ᠡᠯ᠎ᠡ ᠵᠦᠢᠯ ᠤᠨ ᠠᠷᠠᠳ ᠤᠨ ᠶᠠᠪᠤᠳᠠᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠭᠰᠠᠨ ᠨᠢ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠵᠤ᠂ ᠡᠯ᠎ᠡ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠤᠷᠤᠭᠰᠢᠲᠠᠢ ᠶᠠᠪᠤᠭᠳᠠᠬᠤ ᠳᠤ ᠬᠦᠴᠦᠨ ᠨᠡᠮᠡᠷᠢᠯᠡᠵᠦ᠂ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠤᠯᠠᠮ ᠨᠢᠭᠡ ᠠᠯᠬᠤᠮ ᠪᠠᠳᠠᠷᠠᠭᠤᠯᠪᠠ᠃ ᠡᠯ᠎ᠡ ᠵᠦᠢᠯ ᠤᠨ ᠠᠷᠠᠳ ᠤᠨ ᠶᠠᠪᠤᠳᠠᠯ ᠤᠨ ᠪᠡᠯᠡ ᠮᠥᠩᠭᠦ ᠶᠢᠨ ᠪᠠᠲᠤᠯᠠᠭ᠎ᠠ ᠨᠢ ᠬᠦᠴᠢᠷᠳᠡᠯᠲᠡᠢ ᠣᠯᠠᠨ ᠲᠦᠮᠡᠨ᠂ ᠬᠦᠴᠢᠷᠳᠡᠯᠲᠡᠢ ᠵᠡᠮᠳᠡᠭᠴᠦᠳ ᠪᠠ ᠬᠦᠨᠳᠦ ᠵᠡᠮᠳᠡᠭᠴᠦᠳ ᠢ ᠠᠪᠤᠷᠠᠨ ᠲᠤᠰᠠᠯᠠᠬᠤ᠂ ᠥᠨᠥᠴᠢᠨ ᠬᠡᠦᠬᠡᠳ᠂ ᠥᠨᠳᠥᠷ ᠨᠠᠰᠤᠲᠠᠨ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠵᠡᠷᠭᠡ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠢ ᠬᠠᠮᠤᠷᠴᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ