ᠥᠪᠡᠷᠲᠡᠭᠡᠨ ᠵᠠᠰᠠᠬᠤ ᠣᠷᠣᠨ ᠤ ᠵᠢᠭᠠᠨ ᠰᠤᠳᠤᠯᠬᠤ ᠲᠠᠰᠤᠭ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠪᠣᠯᠪᠠᠰᠤᠷᠠᠯ ᠵᠢᠴᠢ ᠵᠠᠪᠠᠯ ᠰᠤᠷᠬᠤ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠬᠢᠭᠡᠳ ᠵᠢᠭᠠᠨ ᠵᠢᠯᠤᠭᠤᠳᠴᠤ ᠬᠢᠴᠢᠶᠡᠯ ᠪᠡᠯᠡᠳᠬᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12

      ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠪᠠᠭᠰᠢ ᠨᠠᠷ ᠢ ᠬᠠᠪᠰᠤᠷᠤᠨ ᠰᠢᠨ᠎ᠡ ᠵᠢᠭᠠᠬᠤ ᠮᠠᠲ᠋ᠧᠷᠢᠶᠠᠯ ᠢ ᠵᠥᠪ ᠣᠶᠢᠯᠠᠭᠠᠨ ᠡᠵᠡᠮᠰᠢᠭᠦᠯᠵᠦ᠂ ᠡᠩ ᠤᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠬᠢᠴᠢᠶᠡᠯ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ᠂ ᠪᠦᠬᠦ ᠣᠷᠣᠨ ᠤ ᠤᠤᠯ ᠤᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠪᠣᠯᠪᠠᠰᠤᠷᠠᠯ ᠵᠢᠴᠢ ᠵᠠᠪᠠᠯ ᠰᠤᠷᠬᠤ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠣᠯᠣᠨ ᠵᠢᠭᠠᠨ ᠵᠢᠯᠣᠭᠤᠳᠴᠤ ᠬᠢᠴᠢᠶᠡᠯ ᠪᠡᠯᠡᠳᠬᠡᠬᠦ ᠬᠤᠷᠠᠯ ᠬᠥᠬᠡᠬᠤᠲᠠ ᠳᠤ ᠶᠠᠪᠤᠭᠳᠠᠪᠠ᠃ ᠪᠥᠬᠦ ᠣᠷᠣᠨ ᠤ 50 ᠭᠠᠷᠤᠢ ᠰᠤᠷᠭᠠᠭᠤᠯᠢ ᠶᠢᠨ ᠭᠤᠣᠯᠯᠠᠭᠴᠢ ᠪᠠᠭᠰᠢ ᠶᠢᠨ ᠲᠥᠯᠥᠭᠡᠯᠡᠭᠴᠢ ᠪᠣᠯᠣᠨ ᠡᠯ᠎ᠡ ᠠᠶᠢᠮᠠᠭ ᠬᠤᠲᠠ ᠶᠢᠨ ᠬᠢᠨ ︽ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠵᠠᠪᠠᠯ ᠰᠤᠷᠬᠤ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠬᠢᠭᠡᠳ ᠵᠢᠯᠣᠭᠤᠳᠤᠯᠭ᠎ᠠ︾ ᠶᠢ ᠨᠠᠶᠢᠷᠠᠭᠤᠯᠤᠨ ᠪᠢᠴᠢᠬᠦ ᠠᠵᠢᠯ ᠳᠤ ᠣᠷᠣᠯᠴᠠᠭᠰᠠᠨ 90 ᠭᠠᠷᠤᠢ ᠬᠥᠮᠥᠨ ᠬᠤᠷᠠᠯ ᠳᠤ ᠣᠷᠣᠯᠴᠠᠵᠠᠢ᠃ ᠬᠤᠷᠠᠯ ᠠᠴᠠ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ᠲᠤ ︽ᠬᠡᠯᠡ ᠪᠢᠴᠢᠭ ᠤᠨ ᠰᠤᠷᠤᠯᠴᠠᠯᠭ᠎ᠠ ᠶᠢᠨ ᠡᠭᠦᠷᠭᠡ ᠶᠢᠨ ᠪᠦᠯᠦᠭ ᠢ ᠵᠢᠷᠤᠵᠤ ᠲᠥᠯᠥᠪᠯᠡᠬᠦ ᠪᠠ ᠬᠡᠷᠡᠭᠵᠢᠭᠦᠯᠬᠦ︾ ᠲᠤᠰᠬᠠᠢ ᠰᠡᠳᠦᠪᠲᠦ ᠪᠣᠯᠪᠠᠰᠤᠷᠠᠯ ᠬᠢᠵᠦ᠂ ᠪᠣᠯᠪᠠᠰᠤᠷᠠᠯ ᠳᠤ ᠣᠷᠣᠯᠴᠠᠭᠰᠠᠨ ᠪᠠᠭᠰᠢ ᠨᠠᠷ ︽ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠵᠠᠪᠠᠯ ᠰᠤᠷᠬᠤ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠠ ᠵᠢᠯᠣᠭᠤᠳᠤᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠨᠠᠶᠢᠷᠠᠭᠤᠯᠤᠭᠰᠠᠨ ᠥᠨᠳᠥᠷ ᠳᠤᠮᠳᠠᠳᠤ ᠶᠢᠨ ᠬᠡᠯᠡ ᠪᠢᠴᠢᠭ ᠤᠨ ᠡᠭᠦᠷᠭᠡ ᠶᠢᠨ ᠪᠦᠯᠦᠭ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠠ ᠬᠡᠷᠡᠭᠵᠢᠭᠦᠯᠦᠯᠲᠡ ᠶᠢᠨ ᠲᠤᠬᠠᠢ ᠰᠠᠨᠠᠯ ᠢᠶᠠᠨ ᠰᠣᠯᠢᠯᠴᠠᠭᠰᠠᠨ ᠪᠠ ᠰᠤᠳᠤᠯᠤᠨ ᠶᠠᠷᠢᠯᠴᠠᠭᠰᠠᠨ ᠤ ᠬᠠᠮᠲᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠡᠢ᠃ 8 ᠳ᠋ᠤᠭᠠᠷ ᠰᠠᠷ᠎ᠠ ᠶᠢᠨ 9 ᠤ ᠡᠳᠦᠷ᠂ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠰᠤᠳᠤᠯᠭᠠᠨ ᠤ ᠲᠠᠰᠤᠭ ᠲᠡᠦᠬᠡ᠂ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ ᠪᠣᠯᠪᠠᠰᠤᠷᠠᠯ ᠤᠨ ᠠᠩᠭᠢ ᠡᠷᠭᠢᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠭᠠᠨ ᠰᠤᠷᠭᠠᠯᠲᠠ ᠪᠠ ᠬᠢᠴᠢᠶᠡᠯᠯᠡᠭᠡ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠪᠣᠯᠣᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ