ᠥᠪᠡᠷᠲᠡᠭᠡᠨ ᠵᠠᠰᠠᠬᠤ ᠣᠷᠣᠨ ᠤ ᠠᠵᠢᠯ ᠦᠶᠯᠡᠰ ᠤᠨ ᠨᠢᠭᠡᠴᠢ ᠶᠢᠨ ᠢᠯᠡ ᠪᠠᠷ ᠠᠵᠢᠯᠳᠡᠨ ᠤᠷᠢᠵᠤ ᠡᠯᠰᠡᠬᠦ ︽ᠡᠬᠦᠯᠡᠨ ᠪᠢᠷ ᠤᠨ ᠰᠢᠯᠭᠠᠯᠲᠠ︾ ᠶᠠᠪᠤᠭᠳᠠᠪᠠ
ᠨᠡᠶᠢᠲᠡᠯᠡᠭᠰᠡᠨ ᠴᠠᠭ᠄
2022/8/12

      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠬᠦᠬᠡᠨ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ 2022 ᠣᠨ ᠤ ᠢᠯᠡ ᠪᠠᠷ ᠠᠵᠢᠯᠳᠡᠨ ᠤᠷᠢᠵᠤ ᠡᠯᠰᠡᠬᠦ ᠰᠦᠯᠵᠢᠶᠡᠨ ᠳᠡᠭᠡᠷᠡᠬᠢ ︽ᠡᠬᠦᠯᠡᠨ ᠪᠢᠷ ᠤᠨ ᠰᠢᠯᠭᠠᠯᠲᠠ︾ ᠡᠬᠢᠯᠡᠪᠡ᠂ ᠡᠨᠡ ᠨᠢ ᠥᠪᠡᠷᠲᠡᠭᠡᠨ ᠵᠠᠰᠠᠬᠤ ᠣᠷᠣᠨ ᠠᠴᠠ ᠪᠥᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠶᠯᠡᠰ ᠤᠨ ᠨᠢᠭᠡᠴᠢ ᠶᠢᠨ ᠡᠭᠦᠯᠡᠨ ᠳᠡᠭᠡᠷ᠎ᠡ ᠠᠵᠢᠯᠳᠡᠨ ᠤᠷᠢᠵᠦ ᠡᠯᠰᠡᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ︾ ᠢ ᠪᠠᠶᠢᠭᠤᠯᠤᠭᠰᠠᠨ ᠤ ᠳᠠᠷᠠᠭ᠎ᠠ᠂ ᠠᠩᠬ᠎ᠠ ᠤᠳᠠᠭ᠎ᠠ ᠶᠠᠪᠤᠭᠳᠠᠭᠤᠯᠵᠦ ᠪᠠᠶᠢᠭ᠎ᠠ ᠡᠭᠦᠯᠡᠨ ᠪᠢᠷ ᠤᠨ ᠰᠢᠯᠭᠠᠯᠲᠠ ᠪᠣᠯᠤᠨ᠎ᠠ᠃ ᠳᠤᠰ ᠤᠳᠠᠭᠠᠨ ᠤ ᠰᠢᠯᠭᠠᠯᠳᠠ ᠳᠤ 1308 ᠰᠢᠯᠭᠠᠭᠤᠯᠤᠭᠴᠢ ︽ᠬᠡᠷ ᠲᠡᠭᠡᠨ ᠰᠠᠭᠤᠵᠦ ᠪᠠᠶᠢᠭᠠᠳ ᠰᠢᠯᠭᠠᠯᠳᠠ ᠳᠤ ᠤᠷᠤᠯᠴᠠᠵᠦ᠂ ᠬᠡᠷ ᠲᠡᠭᠡᠨ ᠰᠠᠭᠤᠵᠦ ᠪᠠᠶᠢᠭᠠᠳ ᠠᠵᠢᠯ ᠤᠨ ᠪᠠᠶᠢᠷᠢ ᠦᠷᠢᠰᠦᠯᠳᠦᠭᠰᠡᠨ︾ ᠪᠠᠶᠢᠨ᠎ᠠ᠃
      ︽ᠡᠬᠦᠯᠠᠨ ᠪᠢᠷ ᠤᠨ ᠰᠢᠯᠭᠠᠯᠲᠠ︾ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠤᠭᠤᠲᠤ ᠬᠤᠲᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠰᠢᠯᠭᠠᠯᠲᠠ ᠶᠢᠨ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠲᠣᠭᠤᠷᠢᠨ ᠦᠵᠡᠵᠦ᠂ ᠲᠣᠭᠤᠷᠢᠨ ᠰᠢᠯᠭᠠᠵᠤ ᠬᠢᠨᠠᠯᠲᠠ ᠲᠠᠯᠪᠢᠵᠠᠢ᠃ ᠰᠢᠯᠭᠠᠯᠲᠠ ᠬᠢᠨᠠᠬᠤ 50 ᠠᠵᠢᠯᠲᠠᠨ ᠰᠦᠯᠵᠢᠶᠡᠨ ᠤ ᠮᠡᠷᠭᠡᠵᠢᠯ ᠢᠶᠠᠷ ᠲᠣᠭᠤᠷᠢᠨ ᠰᠢᠯᠭᠠᠵᠤ ᠰᠢᠯᠭᠠᠯᠲᠠ ᠬᠢᠨᠠᠬᠤ ᠠᠵᠢᠯ ᠢ ᠥᠷᠨᠢᠭᠦᠯᠵᠦ᠂ ᠰᠢᠯᠭᠠᠭᠤᠯᠤᠭᠴᠢ ᠶᠢᠨ ᠰᠢᠯᠭᠠᠯᠲᠠ ᠶᠢᠨ ᠪᠥᠬᠦ ᠶᠠᠪᠤᠴᠠ ᠶᠢ ᠴᠠᠭ ᠲᠤᠬᠠᠶ ᠳᠤᠨᠢ ᠬᠢᠨᠠᠨ ᠡᠵᠡᠮᠳᠡᠬᠦ ᠶᠢᠨ ᠬᠠᠮᠲᠤ ᠬᠥᠮᠦᠨ ᠤ ᠴᠢᠷᠠᠢ ᠵᠢᠰᠦ ᠶᠢ ᠢᠯᠭᠠᠨ ᠲᠠᠨᠢᠬᠤ᠂ ᠪᠥᠬᠦ ᠶᠠᠪᠤᠴᠠ ᠳᠤ ᠲᠠᠭᠤ ᠳᠦᠷᠰᠦ ᠰᠢᠩᠭᠡᠭᠡᠬᠦ᠂ ᠰᠢᠯᠭᠠᠯᠲᠠ ᠶᠢᠨ ᠳᠠᠷᠠᠭ᠎ᠠ ᠸᠢᠳᠢᠤ᠋ ᠪᠠᠷ ᠳᠠᠬᠢᠨ ᠬᠢᠨᠠᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠰᠢᠯᠭᠠᠯᠲᠠ ᠳᠤ ᠬᠡᠮ ᠬᠢᠬᠦ ᠶᠢ ᠣᠯᠠᠨ ᠲᠠᠯ᠎ᠠ ᠠᠴᠠ ᠰᠡᠷᠭᠡᠶᠢᠯᠡᠵᠦ᠂ ᠡᠬᠦᠯᠡᠨ ᠪᠢᠷ ᠤᠨ ᠰᠢᠯᠭᠠᠯᠲᠠ ᠶᠢᠨ ᠦᠷ᠎ᠡ ᠳ᠋ᠦᠩ ᠢ ᠲᠦᠪ ᠭᠤᠤᠯᠴᠢ ᠪᠠᠶᠢᠯᠭᠠᠬᠤ ᠶᠢ ᠦᠨᠡᠨ ᠬᠦ ᠪᠠᠲᠤᠯᠠᠪᠠ᠃
      ᠣᠶᠢᠯᠠᠭᠠᠭᠰᠠᠨ ᠢᠶᠠᠷ᠂ ︽ᠡᠬᠦᠯᠠᠨ ᠪᠢᠷ ᠤᠨ ᠰᠢᠯᠭᠠᠯᠲᠠ︾ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ ᠠᠵᠢᠯ ᠦᠶᠯᠡᠰ ᠤᠨ ᠨᠢᠭᠡᠴᠢ ᠶᠢᠨ ᠢᠯᠡ ᠪᠠᠷ ᠠᠵᠢᠯᠳᠡᠨ ᠤᠷᠢᠵᠤ ᠡᠯᠰᠡᠬᠦ ᠰᠢᠯᠭᠠᠯᠲᠠ ᠶᠢᠨ ᠠᠵᠢᠯ ᠢ ᠠᠮᠤᠷ ᠲᠦᠪᠰᠢᠨ ᠢᠶᠠᠷ ᠬᠤᠭᠤᠴᠠᠭ᠎ᠠ ᠶᠣᠰᠣᠭᠠᠷ ᠶᠠᠪᠤᠭᠳᠠᠭᠤᠯᠬᠤ ᠰᠢᠨ᠎ᠡ ᠠᠷᠭ᠎ᠠ ᠬᠡᠮᠵᠢᠶ᠎ᠡ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠠᠵᠢᠯᠳᠡᠨ ᠤᠷᠢᠵᠦ ᠡᠯᠰᠡᠬᠦ ᠰᠢᠯᠭᠠᠯᠲᠠ ᠶᠢᠨ ᠠᠵᠢᠯ ᠤᠨ ᠵᠠᠭᠪᠤᠷ ᠲᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠪᠣᠳᠠᠲᠠᠶ ᠦᠶᠯᠡᠳᠦᠯᠭᠡ ᠮᠥᠨ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠪᠥᠬᠦ ᠣᠷᠣᠨ ᠤ ᠬᠡᠪᠴᠢᠶᠡᠨ ᠳᠤ ᠡᠭᠦᠯᠡᠨ ᠲᠠᠪᠴᠠᠩ ᠢᠶᠠᠷ ᠠᠵᠢᠯᠳᠡᠨ ᠤᠷᠢᠵᠤ ᠡᠯᠰᠡᠬᠦ ᠵᠠᠭᠪᠤᠷ ᠢ ᠳᠡᠯᠭᠡᠷᠡᠭᠦᠯᠵᠦ᠂ ᠰᠢᠯᠭᠠᠭᠤᠯᠤᠭᠴᠢ ᠶᠢ ᠬᠡᠷ ᠲᠡᠭᠡᠨ ᠰᠠᠭᠤᠵᠦ ᠪᠠᠶᠢᠭᠠᠳ ᠠᠵᠢᠯ ᠦᠶᠯᠡᠰ ᠤᠨ ᠨᠢᠭᠡᠴᠢ ᠶᠢᠨ ᠠᠵᠢᠯᠲᠠᠨ ᠤᠷᠢᠵᠤ ᠡᠯᠰᠡᠬᠦ ᠰᠢᠯᠭᠠᠯᠲᠠ ᠳᠤ ᠣᠷᠣᠯᠴᠠᠭᠤᠯᠵᠤ᠂ ᠢᠯᠡ ᠪᠠᠷ ᠠᠵᠢᠯᠳᠡᠨ ᠤᠷᠢᠵᠤ ᠡᠯᠰᠡᠬᠦ ᠰᠢᠯᠭᠠᠯᠲᠠ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠪᠡᠶᠡᠯᠡᠭᠦᠯᠬᠦ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ