ᠮᠠᠨ ᠤ ᠣᠷᠣᠨ ᠤ 8 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/12

      8 ᠳ᠋ᠤᠭᠠᠷ ᠰᠠᠷ᠎ᠠ ᠶᠢᠨ 11 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 7 ᠨᠡᠮᠡᠭᠳᠡᠪᠡ᠃ ᠴᠥᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠣᠢ ︵ᠪᠦᠬᠦᠨ ᠢ ᠲᠤᠰᠠᠭᠠᠷᠯᠠᠬᠤ ᠴᠡᠭ ᠠᠴᠠ ᠪᠠᠶᠢᠴᠠᠭᠠᠨ ᠢᠯᠡᠷᠡᠭᠦᠯᠪᠡ︶᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠣᠯᠠᠭᠰᠠᠨ 4 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 1 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ 1 ᠡᠪᠡᠳᠴᠢᠨ ᠤ ᠵᠢᠱᠢᠶ᠎ᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠪᠠ᠃

      8 ᠳ᠋ᠤᠭᠠᠷ ᠰᠠᠷ᠎ᠠ ᠶᠢᠨ 11 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 121 ᠪᠠᠶᠢᠵᠤ᠂ ᠡᠭᠦᠨ ᠳᠤ ᠪᠣᠭᠤᠲᠤ ᠬᠤᠲᠠ ᠳᠤ 2 ︵ᠴᠦᠮ ᠴᠢᠩᠱᠠᠨ ᠲᠣᠭᠤᠷᠢᠭ ᠲᠤ︶᠂ ᠰᠢᠯᠢ ᠶᠢᠨ ᠭᠤᠣᠯ ᠠᠶᠢᠮᠠᠭ ᠲᠤ 30 ︵ᠡᠷᠢᠶᠡᠨ ᠬᠤᠲᠠ ᠳᠤ 28᠂ ᠰᠦᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠲᠠ ᠳᠤ 85 ︵ᠵᠢᠨᠢᠩ ᠲᠣᠭᠤᠷᠢᠭ ᠲᠤ 10᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 73᠂ ᠱᠠᠩᠲᠦ ᠰᠢᠶᠠᠨ ᠳᠤ 2︶᠂ ᠣᠷᠳᠤᠰ ᠬᠤᠲᠠ ᠳᠤ 2 ︵ᠴᠥᠮ ᠡᠵᠡᠨ ᠬᠤᠷᠤᠭ᠎ᠠ ᠬᠤᠰᠢᠭᠤᠨ ᠳᠤ︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 45 ᠪᠠᠶᠢᠵᠤ᠂ ᠡᠭᠦᠨ ᠳᠤ ᠰᠢᠯᠢ ᠶᠢᠨ ᠭᠤᠣᠯ ᠠᠶᠢᠮᠠᠭ ᠲᠤ 18 ︵ᠡᠷᠢᠶᠡᠨ ᠬᠤᠲᠠᠨ ᠳᠤ 17᠂ ᠰᠦᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 27 ︵ᠵᠢᠨᠢᠩ ᠲᠣᠭᠤᠷᠢᠭ ᠲᠤ 2᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 25︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 6᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 19 ᠪᠠᠶᠢᠵᠤ᠂ ᠴᠦᠮ ᠬᠦᠬᠡᠬᠤᠳᠠ ᠳᠤ ᠪᠤᠢ᠃ ᠡᠳᠡᠭᠡᠷ ᠬᠦᠮᠦᠰ ᠢ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ