ᠥᠪᠥᠷ ᠮᠣᠩᠭᠤᠯ ᠱᠠᠨᠰᠢ ᠬᠤᠶᠠᠷ ᠮᠤᠵᠢ ᠣᠷᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ  ᠸᠠᠩ ᠯᠢ ᠰᠢᠶᠠ  ᠵᠤᠤ ᠢ ᠳ᠋ᠧ ᠪᠠᠶᠠᠷ ᠤᠨ ᠦᠭᠡ ᠬᠡᠯᠡᠵᠦ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ
ᠨᠡᠶᠢᠲᠡᠯᠡᠭᠰᠡᠨ ᠴᠠᠭ᠄
2022/8/15

      8 ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠱᠠᠨᠰᠢ ᠮᠤᠵᠢ ᠰᠢ ᠠᠨ ᠬᠤᠳᠠ ᠳᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠱᠠᠨᠰᠢ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠵᠤᠤ ᠢ ᠳ᠋ᠧ ᠲᠤᠰ ᠲᠤᠰ ᠪᠠᠶᠠᠷ ᠤᠨ ᠦᠭᠡ ᠬᠡᠯᠡᠭᠰᠡᠨ ᠪᠦᠭᠡᠳ ᠭᠠᠷ ᠤᠨ ᠥᠰᠥᠭ ᠵᠢᠷᠤᠬᠤ ᠶᠢ ᠭᠡᠷᠡᠴᠢᠯᠡᠵᠡᠶ᠃

1.jpg


      ᠸᠠᠩ ᠯᠢ ᠰᠢᠶᠠ ᠱᠠᠨᠰᠢ ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠤ ᠥᠪᠥᠷ ᠮᠣᠩᠭᠤᠯ ᠳᠤ ᠲᠡᠯᠬᠡᠷᠡᠬᠦᠯᠦᠨ ᠲᠠᠨᠢᠯᠴᠠᠭᠤᠯᠬᠤ ᠲᠠᠪᠴᠠᠩ ᠪᠠᠶᠢᠭᠤᠯᠵᠤ ᠥᠭᠭᠦᠭᠰᠡᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠱᠠᠨᠰᠢ ᠥᠪᠥᠷ ᠮᠣᠩᠭᠤᠯ ᠬᠤᠶᠠᠷ ᠭᠠᠵᠠᠷ ᠬᠠᠷᠢᠯᠴᠡᠨ ᠬᠥᠷᠰᠢᠯᠡᠵᠦ᠂ ᠳᠣᠲᠣᠨᠣ ᠶᠠᠪᠤᠯᠴᠠᠵᠤ᠂ ᠬᠠᠮᠳᠤ ᠪᠠᠷ ᠬᠠᠲᠤᠨ ᠭᠤᠤᠯ ᠤᠨ ᠤᠰᠤ ᠶᠢ ᠤᠤᠭᠤᠵᠤ᠂ ᠨᠢᠭᠡ ᠬᠡᠷ ᠤᠨ ᠬᠥᠮᠦᠨ ᠮᠡᠲᠤ ᠳᠣᠲᠣᠨᠣ ᠪᠠᠶᠢᠵᠤ᠂ ᠰᠣᠶᠣᠯ ᠢᠷᠭᠡᠨᠰᠢᠯ᠂ ᠡᠬᠢ ᠪᠠᠶᠠᠯᠢᠭ᠂ ᠠᠵᠤ ᠦᠶᠯᠡᠰ᠂ ᠵᠠᠬ᠎ᠠ ᠳᠡᠯᠭᠡᠭᠦᠷ ᠵᠡᠷᠭᠡ ᠣᠯᠠᠨ ᠲᠠᠯ᠎ᠠ ᠶᠢᠨ ᠵᠥᠷᠢᠶ᠎ᠡ ᠪᠠᠨ ᠬᠠᠷᠢᠯᠴᠠᠨ ᠨᠥᠬᠦᠪᠥᠷᠢᠯᠡᠬᠦ ᠪᠠ ᠬᠠᠮᠲᠤ ᠶᠢᠨ ᠬᠡᠷᠡᠭᠴᠡᠭᠡ ᠱᠠᠭᠠᠷᠳᠠᠯᠭ᠎ᠠ ᠲᠠᠢ ᠶᠤᠮ᠃ ᠬᠤᠶᠠᠷ ᠮᠤᠵᠢ ᠣᠷᠣᠨ ᠤ ᠬᠢᠨ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠶ ᠬᠠᠮᠲᠤ ᠪᠠᠷ ᠪᠥᠲᠥᠭᠡᠨ ᠪᠠᠶᠢᠭᠤᠯᠬᠤ᠂ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠤᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠢ ᠪᠥᠲᠥᠭᠡᠨ ᠪᠠᠶᠢᠭᠤᠯᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ᠂ ᠡᠨᠧᠷᠭᠢ ᠶᠢᠨ ᠠᠵᠤ ᠠᠬᠤᠶ᠂ ᠰᠠᠭᠤᠷᠢ ᠲᠥᠬᠦᠭᠡᠷᠦᠮᠵᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠤᠨ ᠠᠵᠤ ᠦᠶᠯᠡᠰ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠶᠯᠡᠰ ᠵᠡᠷᠭᠡ ᠬᠦᠷᠢᠶᠡᠨ ᠳᠤ ᠭᠠᠷ ᠬᠤᠯᠪᠣᠯᠴᠠᠨ ᠵᠡᠷᠭᠡ ᠪᠠᠷ ᠤᠷᠤᠭᠰᠢᠯᠠᠵᠤ᠂ ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ᠂ ᠭᠠᠳᠠᠭᠠᠳᠤ ᠨᠡᠭᠡᠭᠡᠯᠲᠡ ᠶᠢᠨ ᠰᠢᠨ᠎ᠡ ᠲᠠᠪᠴᠠᠩ᠂ ᠠᠵᠤ ᠦᠶᠯᠡᠰ ᠤᠨ ᠲᠠᠰ ᠳᠡᠪᠰᠢᠬᠦ ᠰᠢᠨ᠎ᠡ ᠥᠨᠳᠦᠷᠯᠢᠭ ᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃ ᠠᠵᠤ ᠠᠬᠤᠶᠢᠯᠠᠯᠲᠠᠳ ᠤᠨ ᠥᠪᠥᠷ ᠮᠣᠩᠭᠤᠯ ᠳᠤ ᠢᠷᠡᠵᠦ᠂ ᠦᠶᠯᠡᠰ ᠪᠤᠰᠬᠠᠵᠤ ᠡᠭᠦᠳᠦᠨ ᠪᠦᠲᠦᠭᠡᠬᠦ ᠠᠶᠠᠯᠠᠯ᠂ ᠬᠠᠮᠲᠤ ᠪᠠᠷ ᠠᠰᠢᠭ ᠭᠥᠷᠳᠡᠵᠦ ᠬᠠᠮᠲᠤ ᠪᠠᠷ ᠡᠳ᠋ᠯᠡᠬᠦ ᠠᠶᠠᠯᠠᠯ᠂ ᠰᠤᠨᠢᠷᠬᠠᠯ ᠤᠶᠢᠯᠠᠭᠠᠯᠳᠠ ᠶᠢᠨ ᠠᠶᠠᠯᠠᠯ ᠢᠶᠠᠨ ᠡᠬᠢᠯᠡᠭᠦᠯᠵᠦ᠂ ᠥᠨᠳᠥᠷ ᠲᠦᠪᠰᠢᠨ ᠪᠥᠬᠦᠶ ᠬᠠᠮᠲᠤᠷᠠᠯᠴᠠᠭ᠎ᠠ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠴᠢᠩ ᠰᠡᠳᠭᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ᠃

      ᠵᠤᠤ ᠢ ᠳ᠋ᠧ ᠸᠠᠩ ᠯᠢ ᠰᠢᠶᠠ ᠨᠠᠷ ᠤᠨ ᠱᠠᠨᠰᠢ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠱᠠᠨᠰᠢ ᠬᠤᠶᠠᠷ ᠮᠤᠵᠢ ᠣᠷᠣᠨ ᠤ ᠬᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠵᠡᠷᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠴᠢᠩᠭ᠎ᠠ ᠠᠳᠬᠤᠵᠤ᠂ ᠲᠣᠭᠲᠠᠴᠠ ᠪᠠᠶᠢᠭᠤᠯᠬᠤ᠂ ᠲᠠᠪᠴᠠᠩ ᠪᠠᠶᠢᠭᠤᠯᠬᠤ᠂ ᠠᠭᠤᠰᠤᠯᠴᠠᠯ ᠢ ᠠᠬᠢᠭᠤᠯᠬᠤ ᠲᠠᠯ᠎ᠠ ᠪᠠᠷ ᠬᠦᠴᠦᠯᠡᠨ ᠴᠢᠷᠮᠠᠶᠢᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠦᠶᠯᠡᠰ ᠤᠨ ᠬᠠᠮᠵᠢᠯᠴᠠᠨ ᠬᠤᠷᠰᠢᠯᠴᠠᠬᠤ ᠦᠷ᠎ᠡ ᠪᠦᠲᠦᠭᠡᠯ ᠦᠯᠡᠮᠵᠢ ᠪᠠᠶᠢᠵᠤ᠂ ᠠᠮᠢ ᠠᠬᠤᠶ ᠶᠢ ᠬᠠᠮᠲᠤ ᠪᠠᠷ ᠬᠠᠮᠠᠭᠠᠯᠠᠭᠰᠠᠨ ᠦᠷ᠎ᠡ ᠪᠦᠲᠦᠮᠵᠢ ᠢᠯᠡᠷᠬᠡᠶᠢᠰᠢᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠬᠠᠷᠢᠯᠴᠠᠨ ᠨᠥᠬᠦᠪᠥᠷᠢᠯᠡᠬᠦ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠰᠢᠨ᠎ᠡ ᠵᠠᠮ ᠢ ᠨᠡᠭᠡᠭᠡᠪᠡ᠃ ᠲᠤᠰ ᠤᠳᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠭᠰᠠᠨ ᠨᠢ ᠯᠠᠪᠲᠠᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠴᠠᠷᠠᠭ᠎ᠠ᠂ ᠨᠡᠩ ᠥᠨᠳᠥᠷ ᠲᠦᠪᠰᠢᠨ ᠲᠡᠶᠢᠰᠢ ᠥᠷᠭᠡᠵᠢᠬᠦ ᠶᠢ ᠴᠢᠨᠠᠭᠰᠢᠳᠠ ᠠᠬᠢᠭᠤᠯᠬᠤ ᠪᠣᠯᠤᠨ᠎ᠠ᠃ ᠱᠠᠨᠰᠢ ᠶᠢᠨ ᠬᠢᠨ ᠵᠥᠪᠯᠡᠯᠴᠡᠭᠡᠷ ᠤᠨ ᠠᠭᠤᠯᠭ᠎ᠠ ᠶᠢᠨ ᠲᠣᠭᠤᠷᠢᠨ ᠳᠤ ᠠᠵᠢᠯ ᠤᠨ ᠲᠣᠭᠲᠠᠴᠠ ᠪᠠᠨ ᠦᠷᠭᠦᠯᠵᠢᠯᠡᠨ ᠨᠢᠭᠡᠳᠦᠯᠲᠡᠶ ᠲᠥᠯᠥᠪᠵᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠬᠦ᠂ ᠰᠠᠭᠤᠷᠢ ᠲᠥᠬᠦᠭᠡᠷᠦᠮᠵᠢ ᠶᠢᠨ ᠥᠨᠳᠥᠷ ᠪᠦᠲᠦᠮᠵᠢᠲᠡᠶ ᠳᠥᠭᠦᠮ ᠳᠥᠲᠡ ᠪᠠᠶᠢᠬᠤ ᠶᠢ ᠬᠠᠮᠲᠤ ᠪᠠᠷ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠠᠵᠤ ᠦᠶᠯᠡᠰ ᠤᠨ ᠰᠢᠰᠲ᠋ᠧᠮ ᠢ ᠬᠠᠮᠲᠤ ᠪᠠᠷ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢᠨ ᠪᠣᠬᠢᠷᠲᠤᠯ ᠥᠬᠡᠶ ᠰᠠᠭᠤᠷᠢ ᠶᠢ ᠬᠠᠮᠲᠤ ᠪᠠᠷ ᠵᠢᠷᠤᠭᠯᠠᠬᠤ ︽ᠪᠣᠯᠵᠤᠭ᠎ᠠ︾᠎ ᠶᠢ ᠰᠠᠶᠢᠨ ᠰᠠᠶᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠭᠲᠤᠨ᠎ᠠ ᠭᠡᠵᠦ ᠬᠡᠯᠡᠪᠡ᠃

3.jpg


2.jpg

 

      ᠱᠠᠨᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠮᠤᠵᠢ ᠶᠢᠨ ᠳᠠᠷᠤᠭ᠎ᠠ ᠸᠠᠩ ᠰᠢᠶᠤᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠱᠠᠨᠰᠢ ᠥᠪᠥᠷ ᠮᠣᠩᠭᠤᠯ ᠬᠤᠶᠠᠷ ᠮᠤᠵᠢ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ᠃ ᠬᠤᠶᠠᠷ ᠮᠤᠵᠢ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠲᠣᠰ ᠲᠣᠰ ᠠᠵᠢᠯ ᠤᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃

      ᠭᠠᠷ ᠤᠨ ᠥᠰᠥᠭ ᠵᠢᠷᠤᠬᠤ ᠶᠣᠰᠣᠯᠠᠯ ᠤᠨ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠵᠤ ᠦᠶᠯᠡᠰ ᠤᠨ ᠬᠠᠮᠲᠤᠷᠠᠯᠴᠠᠭ᠎ᠠ ᠶᠢᠨ ᠲᠡᠯᠬᠡᠷᠡᠬᠦᠯᠦᠨ ᠲᠠᠨᠢᠯᠴᠠᠭᠤᠯᠬᠤ ᠬᠤᠷᠠᠯ ᠬᠢᠪᠠ᠃ ᠸᠠᠩ ᠯᠢ ᠰᠢᠶᠠ ᠲᠡᠯᠬᠡᠷᠡᠬᠦᠯᠦᠨ ᠲᠠᠨᠢᠯᠴᠠᠭᠤᠯᠬᠤ ᠬᠤᠷᠠᠯ ᠳᠤ ᠣᠷᠣᠯᠴᠠᠵᠤ᠂ ᠵᠠᠩ ᠱᠤᠤ ᠴᠦᠨ ᠲᠡᠯᠬᠡᠷᠡᠬᠦᠯᠦᠨ ᠲᠠᠨᠢᠯᠴᠠᠭᠤᠯᠬᠤ ᠦᠭᠡ ᠬᠡᠯᠡᠵᠦ᠂ ᠪᠣᠣ ᠰᠢᠶᠠᠨ ᠬᠤᠸᠠ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ᠃ ᠥᠪᠥᠷ ᠮᠣᠩᠭᠤᠯ ᠱᠠᠨᠰᠢ ᠬᠤᠶᠠᠷ ᠮᠤᠵᠢ ᠣᠷᠣᠨ 48 ᠲᠥᠷᠥᠯ ᠵᠦᠶᠯ ᠳᠤ ᠲᠦᠪᠯᠡᠷᠡᠭᠦᠯᠦᠨ ᠭᠡᠷ᠎ᠡ ᠲᠣᠭᠲᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ