ᠯᠢᠦ ᠭᠦᠸᠧ ᠵᠦᠩ ᠪᠤᠯᠤᠨ ᠵᠤᠤ ᠢ ᠳ᠋ᠧ ᠸᠠᠩ ᠯᠢ ᠰᠢᠶᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2022/8/15

      8 ᠰᠠᠷ᠎ᠠ ᠶᠢᠨ 13᠎ ᠤ ᠡᠳᠦᠷ᠂ ᠱᠠᠨᠰᠢ ᠮᠤᠵᠢ ᠶᠢᠨ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢᠦ ᠭᠦᠸᠧ ᠵᠦᠩ᠂ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠵᠤᠤ ᠢ ᠳ᠋ᠧ ᠰᠢ ᠠᠨ ᠳᠤ ᠪᠦᠯᠬᠦᠮ ᠳᠠᠭᠠᠭᠤᠯᠤᠨ ᠵᠢᠷᠭᠤᠳᠤᠭᠠᠷ ᠬᠤᠭᠤᠴᠠᠭᠠᠨ ᠤ ᠲᠣᠷᠭᠠᠨ ᠵᠠᠮ ᠤᠨ ᠤᠯᠠᠨ ᠤᠯᠤᠰ ᠤᠨ ᠦᠵᠡᠰᠭᠦᠯᠡᠩ ᠤᠨ ᠴᠤᠭᠯᠠᠭᠠᠨ ᠳᠤ ᠤᠷᠤᠯᠴᠠᠬᠤ ᠪᠠᠷ ᠢᠷᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠨᠠᠷ ᠲᠠᠢ ᠠᠭᠤᠯᠵᠠᠪᠠ᠃

1.jpg 

2.jpg

 

      ᠬᠤᠶᠠᠷ ᠲᠠᠯ᠎ᠠ ᠪᠠᠷ ᠢᠶᠠᠨ ᠲᠣᠰ ᠲᠣᠰ ᠬᠤᠯᠪᠣᠭᠳᠠᠯ ᠪᠥᠬᠦᠶ ᠪᠠᠶᠢᠳᠠᠯ ᠢᠶᠠᠨ ᠲᠠᠨᠢᠯᠴᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠷᠭᠠᠨ ᠵᠠᠮ ᠤᠨ ᠦᠵᠡᠰᠭᠦᠯᠡᠩ ᠤᠨ ᠴᠤᠭᠯᠠᠭᠠᠨ ᠵᠡᠷᠭᠡ ᠲᠠᠪᠴᠠᠩ ᠳᠤ ᠲᠦᠰᠢᠭᠯᠡᠨ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠤᠷᠭᠠᠨ ᠬᠥᠮᠦᠵᠢᠯ ᠪᠠ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠥᠭᠵᠢᠯᠲᠡ ᠳᠠᠪᠰᠢᠯᠲᠠ ᠶᠢ ᠬᠠᠮᠲᠤ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠶᠯᠡᠴᠢᠯᠡᠬᠦ ᠪᠠ ᠠᠭᠤᠰᠤᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠨ᠎ᠠ ᠭᠡᠵᠦ ᠬᠠᠮᠲᠤ ᠪᠠᠷ ᠢᠯᠡᠳᠭᠡᠪᠡ᠃

      ᠱᠠᠨᠰᠢ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠯᠢᠨ᠂ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠳᠡᠳ᠋ ᠳᠠᠷᠤᠭ᠎ᠠ ᠸᠠᠩ ᠯᠢᠨ᠂ ᠮᠤᠵᠢ ᠶᠢᠨ ᠳᠡᠳ᠋ ᠳᠠᠷᠤᠭ᠎ᠠ ᠶᠧ ᠨᠢᠤ ᠫᠢᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠪᠣᠣ ᠰᠢᠶᠠᠨ ᠬᠤᠸᠠ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ