ᠸᠠᠩ ᠯᠢ ᠰᠢᠶᠠ ᠪᠦᠯᠬᠦᠮ ᠳᠠᠭᠠᠭᠤᠯᠤᠨ ᠱᠠᠨᠰᠢ ᠮᠤᠵᠢ ᠳᠤ ᠰᠤᠷᠤᠯᠴᠠᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/15


      8 ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠬᠦᠮ ᠳᠠᠭᠠᠭᠤᠯᠤᠨ ᠱᠠᠨᠰᠢ ᠮᠤᠵᠢ ᠶᠢᠨ ᠰᠢ ᠠᠨ ᠬᠤᠳᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠰᠤᠷᠤᠯᠴᠠᠵᠦ ᠰᠢᠨᠵᠢᠯᠡᠨ ᠪᠠᠶᠢᠴᠠᠭᠠᠪᠠ᠃


      ᠸᠠᠩ ᠯᠢ ᠰᠢᠶᠠ ᠤᠷᠢᠳ ᠬᠤᠵᠢᠳ ᠪᠠᠷᠠᠭᠤᠨ ᠬᠤᠶᠢᠲᠤ ᠶᠢᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ᠂ ᠴᠢᠨ ᠴᠤᠸᠠᠩ ᠶᠤᠸᠠᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ᠂ ᠱᠠᠩ ᠲᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠺᠤᠮᠫᠠᠨᠢ ᠶᠢᠨ ᠰᠢ ᠠᠨ ᠳᠠᠬᠢ ᠰᠤᠳᠤᠯᠭᠠᠨ ᠤ ᠬᠦᠷᠢᠶᠡᠯᠡᠩ᠂ ᠹᠧᠩ ᠰᠢ ᠰᠢᠨ ᠴᠧᠩ ᠡᠨᠧᠷᠭᠢ ᠶᠢᠨ ᠺᠣᠮᠫᠠᠨᠢ ᠪᠣᠯᠤᠨ ᠳᠤᠮᠳᠠᠳᠤ ᠤᠯᠤᠰ ᠤᠨ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠠᠷᠠᠮ ᠳᠤ ᠬᠦᠷᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠥᠭᠡᠷᠡᠴᠢᠯᠡᠯᠲᠡ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠤᠶᠠᠯᠳᠤᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠬᠠᠮᠵᠢᠯᠴᠠᠨ ᠰᠢᠨ᠎ᠡ ᠶᠢ ᠡᠭᠦᠳᠬᠦ᠂ ᠵᠣᠬᠢᠶᠠᠮᠠᠯ ᠣᠶᠤᠨ ᠴᠢᠳᠠᠪᠤᠷᠢ ᠶᠢᠨ ᠬᠡᠷᠡᠭᠯᠡᠯᠳᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠬᠦᠭᠡᠷᠦᠮᠵᠢ ᠶᠢ ᠬᠠᠮᠲᠤ ᠪᠠᠷ ᠡᠳ᠋ᠯᠡᠬᠦ ᠵᠡᠷᠭᠡ ᠪᠠᠶᠢᠳᠠᠯ ᠢ ᠨᠠᠷᠢᠯᠢᠬ ᠣᠶᠢᠯᠠᠭᠠᠪᠠ᠃
      ᠸᠠᠩ ᠯᠢ ᠰᠢᠶᠠ᠂ ᠰᠢ ᠠᠨ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ ᠪᠣᠯᠤᠨ ᠵᠠᠭᠪᠤᠷ ᠨᠢ ᠮᠠᠨ ᠤ ᠣᠷᠣᠨ ᠳᠤ ᠠᠪᠴᠤ ᠬᠡᠯᠡᠪᠡᠯ ᠲᠣᠯᠢ ᠪᠣᠯᠭᠠᠬᠤ ᠴᠢᠬᠤᠯᠠ ᠦᠨ᠎ᠡ ᠥᠷᠲᠡᠭ ᠲᠠᠢ ᠶᠤᠮ ᠭᠡᠵᠤ ᠬᠡᠯᠡᠪᠡ᠃ ᠲᠡᠷᠡ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ ᠪᠣᠯᠤᠨ ᠠᠵᠤ ᠠᠬᠤᠶᠢᠯᠠᠯ ᠤᠨ ᠬᠢᠨ ᠳᠤ ᠭᠦᠨᠵᠡᠭᠡᠶ ᠰᠢᠰᠲ᠋ᠧᠮ ᠲᠠᠢ ᠰᠢᠨᠵᠢᠯᠡᠨ ᠪᠠᠶᠢᠴᠠᠭᠠᠵᠦ ᠰᠤᠷᠤᠯᠴᠠᠨ᠂ ᠰᠤᠷᠤᠯᠴᠠᠵᠤ ᠡᠵᠡᠮᠰᠢᠭᠰᠡᠨ ᠮᠡᠳᠡᠯᠭᠡ ᠴᠢᠳᠠᠪᠦᠷᠢ ᠪᠠᠨ ᠠᠰᠢᠭᠯᠠᠨ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ

ᠵᠠᠬᠢᠪᠠ᠃
      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠤᠤ ᠴᠦᠨ᠂ ᠪᠣᠤ ᠰᠢᠶᠠᠨ ᠬᠤᠸᠠ ᠬᠠᠮᠲᠤ ᠰᠢᠨᠵᠢᠯᠡᠨ ᠪᠠᠶᠢᠴᠠᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ