ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠤᠶᠤᠨᠴᠢᠯᠠᠭᠰᠠᠨ ᠬᠡᠷᠡᠭᠯᠡᠭᠡᠨ ᠤ ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠣᠪᠠ    ᠳ᠋ᠢᠩ ᠰᠢᠤ ᠹᠧᠩ ᠶᠠᠷᠢᠶ᠎ᠠ ᠲᠠᠯᠪᠢᠵᠤ  ᠵᠧᠩ ᠭᠤᠸᠠᠩ ᠵᠤᠤ  ᠶᠠᠩ ᠽᠦᠩ ᠷᠧᠨ  ᠯᠢ ᠴᠢ ᠯᠢᠨ ᠣᠷᠣᠯᠴᠠᠪᠠ
ᠨᠡᠶᠢᠲᠡᠯᠡᠭᠰᠡᠨ ᠴᠠᠭ᠄
2022/8/15


      8 ᠰᠠᠷ᠎ᠠ ᠶᠢᠨ 12 ᠤᠨ ᠡᠳᠦᠷ᠂ ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠲᠤᠮᠤ ᠳ᠋ᠠᠶᠢᠲ᠋ᠠ ᠶᠢᠨ ᠤᠶᠤᠨᠴᠢᠯᠠᠬᠰᠠᠨ ᠬᠡᠷᠡᠭᠯᠡᠭᠡᠨ ᠤ ᠲᠠᠪᠴᠠᠩ ᠭᠤᠷᠪᠡᠨ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠠᠰᠢᠭᠯᠠᠯᠲᠠ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠢᠩ ᠰᠢᠤ ᠹᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠣᠷᠣᠯᠴᠠᠵᠠᠶ᠃
      ᠳ᠋ᠢᠩ ᠰᠢᠤ ᠹᠧᠩ᠂ ᠲᠠᠪᠴᠠᠩ ᠢ ᠪᠦᠲᠦᠭᠡᠨ ᠪᠠᠶᠢᠭᠤᠯᠬᠤ ᠠᠴᠠ ᠵᠢᠩᠬᠢᠨᠢ ᠪᠠᠷ ᠠᠰᠢᠭᠯᠠᠯᠲᠠ ᠳᠤ ᠤᠷᠤᠭᠤᠯᠬᠤ ᠬᠦᠷᠲᠡᠯ᠎ᠡ᠂ ᠪᠥᠬᠦ ᠤᠯᠤᠰ ᠤᠨ ᠠᠳᠠᠯᠢ ᠲᠥᠷᠥᠯ ᠤᠨ ᠲᠠᠪᠴᠠᠩ ᠤᠨ ᠳᠤᠮᠳᠠᠬᠢ ᠪᠥᠲᠥᠭᠡᠨ ᠪᠠᠶᠢᠭᠤᠯᠤᠯᠲᠠ ᠪᠠᠷ ᠬᠠᠮᠤᠭ ᠤᠨ ᠲᠦᠷᠭᠡᠨ᠂ ᠵᠠᠷᠤᠴᠠᠭᠤᠯᠤᠭᠰᠠᠨ ᠴᠠᠭ ᠢᠶᠠᠷ ᠬᠠᠮᠤᠭ ᠤᠨ ᠣᠬᠤᠷ ᠪᠠᠶᠢᠵᠤ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ︽ᠬᠤᠷᠳᠤ︾ ᠶᠢ ᠢᠯᠡᠷᠡᠭᠦᠯᠪᠡ᠃ ᠲᠠᠪᠴᠠᠩ ᠨᠢ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ᠂ ᠡᠷᠡᠭᠦᠦ ᠶᠢᠨ ᠬᠡᠷᠡᠭ ᠢ ᠬᠠᠮᠵᠢᠯᠴᠠᠨ ᠰᠢᠶᠳᠪᠦᠷᠢᠯᠡᠬᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠢᠭᠡᠳ ᠬᠡᠷᠡᠭᠯᠡᠯᠲᠡ ᠴᠢᠬᠤᠯᠠ ᠶᠡᠭᠡ ᠦᠷ᠎ᠡ ᠪᠦᠲᠦᠭᠡᠯ ᠣᠯᠤᠭᠰᠠᠨ ᠢ ᠬᠠᠷᠠᠭᠤᠯᠪᠠ᠃ ᠪᠦᠬᠦ ᠣᠷᠣᠨ ᠤ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠠ ᠥᠷᠭᠡᠨ ᠤᠯᠠᠨ ᠺᠠᠳ᠋ᠷ ᠴᠠᠭᠳᠠᠭ᠎ᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠪᠴᠠᠩ ᠢ ᠰᠠᠶᠢᠲᠤᠷ ᠬᠡᠷᠡᠭᠯᠡᠬᠦ ᠶᠢ ᠴᠢᠬᠤᠯᠠ ᠡᠭᠦᠷᠭᠡ ᠪᠠᠨ ᠪᠣᠯᠭᠠᠵᠤ᠂ ᠢᠷᠭᠡᠨ ᠤ ᠪᠠ ᠬᠤᠳᠠᠯᠳᠤᠭᠠᠨ ᠤ ᠶᠠᠪᠤᠳᠠᠯ᠂ ᠵᠠᠰᠠᠭ ᠵᠠᠬᠢᠷᠭ᠎ᠠ᠂ ᠬᠡᠷᠡᠭᠵᠢᠭᠦᠯᠦᠯᠲᠡ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠤᠷᠪᠤᠯᠵᠢᠯᠠᠯ ᠵᠡᠷᠭᠡ ᠬᠡᠷᠡᠭ ᠢ ᠠᠯᠬᠤᠮ ᠠᠯᠬᠤᠮ ᠢᠶᠠᠷ ᠲᠠᠪᠴᠠᠩ ᠳᠤ ᠣᠷᠣᠭᠤᠯᠤᠨ ᠬᠠᠮᠢᠶᠠᠷᠴᠤ᠂ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠲᠤ ᠪᠠᠷ ᠡᠳ᠋ᠯᠡᠬᠦ᠂ ᠬᠡᠷᠡᠭ ᠤᠨ ᠰᠢᠢᠳᠪᠦᠷᠢᠯᠡᠯᠲᠡ ᠶᠢ ᠬᠠᠮᠵᠢᠯᠴᠠᠭᠤᠯᠤᠨ ᠰᠢᠯᠢᠳᠡᠭᠵᠢᠭᠦᠯᠬᠦ᠂ ᠬᠢᠨᠠᠯᠲᠠ ᠲᠠᠯᠪᠢᠬᠤ ᠶᠢ ᠴᠠᠭ ᠲᠤᠬᠠᠢ ᠳᠤᠨᠢ ᠬᠦᠴᠦᠲᠡᠢ ᠪᠣᠯᠭᠠᠬᠤ ᠶᠢ ᠦᠨᠡᠨ ᠬᠦ ᠪᠡᠶᠡᠯᠡᠭᠦᠯᠵᠦ᠂ ᠨᠡᠩ ᠵᠢᠷᠤᠮᠵᠢᠯ ᠲᠠᠢ᠂ ᠨᠡᠩ ᠲᠥᠪ ᠭᠤᠣᠯᠴᠢ᠂ ᠨᠡᠩ ᠥᠨᠳᠥᠷ ᠪᠦᠲᠦᠮᠵᠢᠲᠡᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠣᠷᠴᠢᠨ ᠨᠥᠬᠦᠴᠡᠯ ᠢ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠡᠬᠢᠯᠡᠯᠲᠡ ᠶᠢᠨ ᠶᠣᠰᠣᠯᠠᠯ ᠨᠢ ᠸᠢᠳᠢᠣ᠋ ᠬᠡᠯᠪᠡᠷᠢ ᠪᠠᠷ ᠠᠶᠢᠮᠠᠭ ᠬᠤᠲᠠ ᠶᠢᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠦᠷᠲᠡᠯ᠎ᠡ ᠶᠠᠪᠤᠭᠳᠠᠪᠠ᠃
      ᠲᠤᠰ ᠡᠳᠦᠷ᠂ ᠳ᠋ᠢᠩ ᠰᠢᠤ ᠹᠧᠩ ᠪᠠᠰᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠵᠦ᠂ ᠰᠠᠶᠢᠬᠠᠨ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠤ ᠲᠠᠪᠴᠠᠩ ᠢ ᠲᠤᠷᠰᠢᠨ ᠠᠵᠢᠯᠯᠠᠭᠤᠯᠤᠭᠰᠠᠨ ᠪᠠᠶᠢᠳᠠᠯ ᠤᠨ ᠲᠤᠬᠠᠢ ᠦᠵᠡᠭᠦᠯᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ