ᠥᠪᠥᠷ ᠮᠣᠩᠭᠤᠯ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠡᠬᠢᠯᠡᠭᠦᠯᠵᠦ  2016 ᠣᠨ ᠠᠴᠠ ᠨᠠᠭᠠᠰᠢ ᠨᠥᠬᠦᠴᠡᠯ ᠳᠤ ᠨᠡᠶᠢᠴᠡᠭᠰᠡᠨ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠬᠢᠨᠠᠨ ᠵᠥᠪᠰᠢᠶᠡᠷᠡᠨ᠎ᠡ
ᠨᠡᠶᠢᠲᠡᠯᠡᠭᠰᠡᠨ ᠴᠠᠭ᠄
2022/8/16

      ︽ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠰᠢᠢᠳᠪᠦᠷᠢᠯᠡᠬᠦ ᠶᠢ ᠪᠦᠬᠦ ᠲᠠᠯ᠎ᠠ ᠪᠠᠷ ᠡᠬᠢᠯᠡᠭᠦᠯᠵᠦ᠂ ᠡᠬᠡ ᠳᠠᠩᠰᠠ ᠪᠠᠶᠢᠭᠤᠯᠤᠨ᠂ ᠵᠢᠯ ᠤᠨ ᠰᠡᠭᠦᠯᠴᠢ ᠠᠴᠠ ᠡᠮᠦᠨ᠎ᠡ ᠵᠥᠪᠰᠢᠶᠡᠷᠡᠵᠦ ᠪᠣᠯᠬᠤ ᠶᠢ ᠨᠢ ᠪᠥᠬᠦᠨ ᠢ ᠵᠥᠪᠰᠢᠶᠡᠷᠡᠨ᠎ᠡ︕︾ 8 ᠳ᠋ᠤᠭᠠᠷ ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠰᠢᠢᠳᠪᠦᠷᠢᠯᠡᠬᠦ ᠶᠢ ᠶᠡᠭᠡ ᠪᠠᠷ ᠡᠬᠢᠯᠡᠭᠦᠯᠬᠦ ᠠᠵᠢᠯᠯᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠨᠡ ᠬᠦ ᠮᠡᠳᠡᠭᠡ ᠵᠠᠩᠭᠢ ᠶᠢ ᠵᠠᠷᠯᠠᠪᠠ᠃ ᠣᠶᠢᠯᠠᠭᠠᠭᠰᠠᠨ ᠢᠶᠠᠷ᠂ ᠲᠣᠰ ᠠᠷᠭ᠎ᠠ ᠨᠢ ᠡᠯ᠎ᠡ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠠᠯᠬᠤᠮ ᠢ ᠰᠢᠯᠢᠳᠡᠭᠵᠢᠭᠦᠯᠵᠦ᠂ ᠪᠥᠬᠦᠨ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠠᠬᠢᠭᠤᠯᠤᠨ᠂ ᠥᠨᠳᠥᠷ ᠪᠦᠲᠦᠮᠵᠢᠲᠡᠶ ᠪᠠᠷ ᠬᠢᠨᠠᠨ ᠵᠥᠪᠰᠢᠶᠡᠷᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠥᠪᠥᠷ ᠮᠣᠩᠭᠤᠯᠴᠤᠳ ᠤᠨ ᠤᠴᠢᠷ ᠶᠠᠪᠤᠳᠠᠯ ᠰᠢᠢᠳᠪᠦᠷᠢᠯᠡᠬᠦ ᠳᠤ ᠪᠠᠨ ᠶᠣᠰᠣ ᠳᠦᠷᠢᠮ ᠲᠠᠢ᠂ ᠬᠤᠶᠢᠷᠭᠤᠰᠢᠬᠤ ᠦᠭᠡᠢ ᠳᠦᠷᠢ ᠲᠥᠷᠬᠦ ᠶᠢ ᠪᠣᠶ ᠪᠣᠯᠭᠠᠬᠤ ᠪᠣᠯᠣᠨ᠎ᠠ᠃

      ᠣᠶᠢᠯᠠᠭᠠᠭᠰᠠᠨ ᠢᠶᠠᠷ᠂ ᠮᠠᠨ ᠤ ᠣᠷᠣᠨ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠰᠢᠢᠳᠪᠦᠷᠢᠯᠡᠬᠦ ᠠᠵᠢᠯ ᠢ ᠶᠡᠭᠡ ᠪᠠᠷ ᠡᠬᠢᠯᠡᠭᠦᠯᠬᠦ ᠨᠢ ᠭᠤᠣᠯᠳᠠᠭᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ ᠶᠤᠮ᠃ ᠰᠢᠢᠳᠪᠦᠷᠢᠯᠡᠬᠦ ᠬᠡᠪᠴᠢᠶ᠎ᠡ ᠨᠢ ᠭᠤᠣᠯᠳᠠᠭᠤ᠄ ᠪᠥᠬᠦ ᠣᠷᠣᠨ ᠤ ᠢᠯᠠᠩᠭᠤᠶ᠎ᠠ 2016 ᠣᠨ ᠠᠴᠠ ᠨᠠᠭᠠᠰᠢᠬᠢ ᠲᠣᠭᠲᠠᠭᠠᠭᠰᠠᠨ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠥᠷᠥᠯ ᠵᠦᠢᠯ ᠢ ᠲᠣᠭᠲᠠᠭᠠᠭᠰᠠᠨ ᠤ ᠳᠠᠷᠠᠭᠠᠬᠢ ᠪᠠ ᠠᠵᠢᠯ ᠡᠬᠢᠯᠡᠭᠦᠯᠬᠦ ᠠᠴᠠ ᠡᠮᠦᠨ᠎ᠡ ᠭᠦᠢᠴᠡᠳᠬᠡᠬᠦ ᠴᠢᠬᠤᠯᠠᠲᠠᠢ ᠭᠠᠵᠠᠷ ᠰᠢᠷᠣᠢ᠂ ᠡᠨᠧᠷᠭᠢ ᠶᠢᠨ ᠦᠨᠡᠯᠡᠯᠲᠡ᠂ ᠣᠷᠴᠢᠨ ᠲᠣᠭᠤᠷᠢᠨ ᠤ ᠦᠨᠡᠯᠡᠯᠲᠡ᠂ ᠤᠰᠤ ᠲᠠᠲᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠲᠥᠷᠥᠯ ᠵᠦᠢᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠶᠡᠭᠡ ᠪᠠᠷ ᠰᠢᠢᠳᠪᠦᠷᠢᠯᠡᠬᠦ ᠠᠵᠢᠯᠯᠠᠭ᠎ᠠ ᠢ 2022 ᠣᠨ ᠤ 7 ᠳ᠋ᠤᠭᠠᠷ ᠰᠠᠷ᠎ᠠ ᠠᠴᠠ ᠡᠬᠢᠯᠡᠭᠦᠯᠵᠦ᠂ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ ᠨᠥᠬᠦᠴᠡᠯ ᠳᠤ ᠨᠡᠶᠢᠴᠡᠭᠰᠡᠨ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠪᠦᠬᠦᠨ ᠢ ᠬᠢᠨᠠᠨ ᠵᠥᠪᠰᠢᠶᠡᠷᠡᠬᠦ ᠶᠢᠨ ᠬᠠᠮᠲᠤ ᠡᠷᠭᠢᠨ ᠬᠠᠷᠠᠬᠤ ᠠᠵᠢᠯ ᠢ ᠵᠡᠷᠭᠡ ᠳᠤ ᠨᠢ ᠥᠷᠨᠢᠭᠦᠯᠦᠨ᠎ᠡ᠃

      ᠶᠡᠭᠡ ᠪᠠᠷ ᠰᠢᠢᠳᠪᠦᠷᠢᠯᠡᠬᠦ ᠠᠵᠢᠯᠯᠠᠭ᠎ᠠ ᠶᠢᠨ ᠭᠤᠣᠯ ᠡᠭᠦᠷᠭᠡ ᠪᠣᠯ᠄

      ᠪᠦᠬᠦ ᠲᠠᠯ᠎ᠠ ᠪᠠᠷ ᠰᠢᠢᠳᠪᠦᠷᠢᠯᠡᠵᠦ᠂ ᠡᠬᠡ ᠳᠠᠩᠰᠠ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ 2016 ᠣᠨ ᠠᠴᠠ ᠨᠠᠭᠠᠰᠢᠬᠢ ᠲᠣᠰ ᠰᠢᠰᠲ᠋ᠧᠮ ᠤᠨ ᠭᠥᠯᠢᠶᠡᠨ ᠠᠪᠤᠭᠰᠠᠨ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ᠂ ᠬᠤᠭᠤᠴᠠᠭ᠎ᠠ ᠠᠴᠠ ᠬᠡᠲᠦᠷᠡᠲᠡᠯ᠎ᠡ ᠬᠢᠨᠠᠨ ᠵᠥᠪᠰᠢᠶᠡᠷᠡᠭᠰᠡᠨ ᠦᠭᠡᠢ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ 8 ᠳ᠋ᠤᠭᠠᠷ ᠰᠠᠷ᠎ᠠ ᠶᠢᠨ ᠰᠡᠭᠦᠯᠴᠢ ᠪᠠᠷ ᠡᠬᠡ ᠲᠠᠩᠰᠠ ᠪᠠᠶᠢᠭᠤᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠢᠨᠠᠨ ᠵᠥᠪᠰᠢᠶᠡᠷᠡᠬᠦ ᠶᠢ ᠭᠥᠯᠢᠶᠡᠨ ᠠᠪᠤᠭᠰᠠᠨ ᠪᠠᠶᠢᠳᠠᠯ᠂ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠨ᠎ᠠ᠃

      ᠲᠥᠷᠥᠯ ᠬᠤᠪᠢᠶᠠᠨ ᠰᠢᠢᠳᠪᠦᠷᠢᠯᠡᠵᠦ᠂ ᠬᠤᠭᠤᠴᠠᠭ᠎ᠠ ᠬᠢᠵᠠᠭᠠᠷᠯᠠᠨ ᠭᠦᠢᠴᠡᠳᠬᠡᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠠᠷᠪᠢᠴᠢ ᠡᠷᠴᠢᠮᠯᠢᠭ ᠪᠠᠶᠢᠬᠤ ᠱᠠᠭᠠᠷᠳᠠᠯᠭ᠎ᠠ ᠳᠤ ᠦᠯᠦ ᠨᠡᠶᠢᠴᠡᠬᠦ ᠠᠵᠢᠯ ᠢᠶᠠᠨ ᠡᠬᠢᠯᠡᠭᠦᠯᠦᠭᠡᠳᠦᠢ ᠲᠥᠷᠥᠯ ᠵᠦᠢᠯ ᠢ ᠳᠠᠭᠢᠵᠤ ᠬᠡᠷᠡᠭᠵᠢᠭᠦᠯᠬᠦ ᠦᠭᠡᠢ ᠪᠠᠶᠢᠵᠤ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠠᠴᠠ ᠬᠠᠰᠤᠨ᠎ᠠ᠃ ᠬᠢᠨᠠᠨ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠲᠥᠷᠥᠯ ᠵᠦᠢᠯ ᠤᠨ ᠨᠥᠬᠦᠪᠦᠷᠢᠯᠡᠬᠦ ᠮᠠᠲ᠋ᠧᠷᠢᠶᠠᠯ ᠢ ᠴᠠᠭ ᠲᠤᠬᠠᠢ ᠳᠤ ᠨᠢ ᠪᠤᠴᠠᠭᠠᠨ᠎ᠠ᠃ ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠢᠯ ᠢ ᠡᠬᠡ ᠲᠠᠩᠰᠠᠨ ᠳᠤ ᠣᠷᠣᠭᠤᠯᠵᠤ ᠲᠣᠭᠲᠠᠭᠰᠠᠨ ᠬᠤᠭᠤᠴᠠᠭᠠᠨ ᠳᠤ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃

      ᠥᠨᠳᠥᠷ ᠪᠦᠲᠦᠮᠵᠢᠲᠡᠶ ᠪᠠᠷ ᠬᠢᠨᠠᠨ ᠵᠥᠪᠰᠢᠶᠡᠷᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠰᠠᠭᠤᠳᠠᠯ ᠤᠨ ᠤᠳᠤᠷᠢᠳᠤᠮᠵᠢ ᠶᠢ ᠦᠨᠳᠦᠰᠦᠯᠡᠨ ᠳᠦᠷᠢᠮ ᠲᠣᠭᠲᠠᠭᠠᠵᠤ᠂ ᠬᠢᠨᠠᠨ ᠵᠥᠪᠰᠢᠶᠡᠷᠡᠬᠦ ᠶᠢ ᠵᠢᠷᠤᠮᠵᠢᠭᠤᠯᠤᠨ᠎ᠠ᠃ ᠡᠭᠦᠨ ᠳᠤ ᠬᠢᠨᠠᠨ ᠵᠥᠪᠰᠢᠶᠡᠷᠡᠬᠦ ᠪᠥᠬᠦ ᠶᠠᠪᠤᠴᠠ ᠶᠢ ᠲᠡᠮᠳᠡᠭᠯᠡᠬᠦ ᠲᠣᠭᠲᠠᠴᠠ᠂ ᠵᠠᠷᠯᠠᠨ ᠮᠡᠳᠡᠭᠳᠡᠵᠦ ᠰᠢᠮᠳᠠᠭᠤᠯᠤᠨ ᠭᠦᠢᠴᠡᠳᠬᠡᠬᠦ ᠲᠣᠭᠲᠠᠴᠠ᠂ ᠬᠢᠨᠠᠨ ᠵᠥᠪᠰᠢᠶᠡᠷᠡᠬᠦ ᠰᠡᠷᠡᠮᠵᠢᠯᠡᠭᠦᠯᠬᠦ ᠲᠣᠭᠲᠠᠴᠠ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠲᠣᠭᠲᠠᠴᠠ ᠶᠢ ᠪᠠᠶᠢᠭᠤᠯᠬᠤ ᠵᠡᠷᠭᠡ ᠶᠢ ᠪᠠᠭᠲᠠᠭᠠᠨ᠎ᠠ᠃

      ᠢᠯᠡᠴᠢᠯᠡᠨ ᠵᠠᠭᠠᠯᠳᠤᠬᠤ ᠬᠠᠯᠠᠮᠰᠢᠯ ᠤᠲᠠᠰᠤ ᠲᠣᠬᠢᠷᠠᠭᠤᠯᠵᠤ᠂ 12345 ᠢᠯᠡᠴᠢᠯᠡᠨ ᠵᠠᠭᠠᠯᠳᠤᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠰᠢᠢᠳᠪᠦᠷᠢᠯᠡᠬᠦ ᠰᠠᠯᠠᠭ᠎ᠠ ᠮᠥᠴᠢᠷ ᠤᠨ ᠴᠤᠤᠷᠢᠶᠠᠲᠤᠨ ᠳᠠᠭᠠᠬᠤ ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢ ᠶᠢᠨ ᠨᠤᠷᠮ᠎ᠠ ᠶᠢ ᠬᠢᠨᠠᠨ ᠰᠢᠯᠭᠠᠬᠤ ᠪᠠᠨ ᠴᠢᠩᠭᠠᠳᠬᠠᠵᠤ᠂ ᠨᠡᠶᠢᠭᠡᠮ ᠤᠨ ᠬᠢᠨᠠᠯᠲᠠ ᠶᠢ ᠦᠷᠭᠦᠯᠵᠢᠯᠡᠨ ᠴᠢᠩᠭᠠᠳᠬᠠᠨ᠎ᠠ᠃

      ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠪᠣᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠢ ᠪᠠ ᠠᠭᠤᠷᠬᠠᠢ ᠬᠡᠷᠡᠭᠯᠡᠬᠦ ᠪᠠᠲᠤᠯᠠᠭ᠎ᠠ ᠶᠢᠨ ᠦᠢᠯᠡᠴᠢᠯᠡᠭᠡᠨ ᠤ ᠴᠢᠬᠤᠯᠠ ᠡᠭᠦᠷᠭᠡ ᠴᠢᠳᠠᠪᠤᠷᠢ ᠶᠢ ᠡᠭᠦᠷᠭᠡᠯᠡᠵᠦ ᠪᠠᠶᠢᠳᠠᠭ᠃ ᠶᠡᠭᠡ ᠪᠠᠷ ᠰᠢᠢᠳᠪᠦᠷᠢᠯᠡᠬᠦ ᠠᠵᠢᠯᠯᠠᠭ᠎ᠠ ᠶᠢᠨ ᠳᠤᠮᠳᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠬᠠᠮᠵᠢᠯᠴᠠᠵᠤ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠤᠨ ᠭᠠᠵᠠᠷ ᠰᠢᠷᠣᠢ ᠪᠠ ᠠᠭᠤᠷᠬᠠᠢ ᠬᠡᠷᠡᠭᠯᠡᠬᠦ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠳᠡᠪᠰᠢᠭᠦᠯᠦᠭᠰᠡᠨ ᠬᠢᠨᠠᠨ ᠵᠥᠪᠰᠢᠶᠡᠷᠡᠭᠦᠯᠬᠦ ᠭᠤᠶᠤᠴᠢᠯᠠᠯ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠦᠯᠦ ᠨᠡᠶᠢᠴᠡᠬᠦ ᠲᠥᠷᠥᠯ ᠵᠦᠢᠯ ᠳᠤ᠂ 3 ᠠᠵᠢᠯᠯᠠᠬᠤ ᠡᠳᠦᠷ ᠤᠨ ᠳᠣᠲᠣᠷ᠎ᠠ ᠲᠥᠷᠥᠯ ᠵᠦᠢᠯ ᠤᠨ ᠨᠢᠭᠡᠴᠢ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠬᠦ ᠶᠢᠨ ᠳᠠᠭᠠᠤ ᠵᠣᠬᠢᠰᠲᠠᠢ ᠰᠠᠨᠠᠭᠤᠯᠭ᠎ᠠ ᠳᠤᠷᠠᠳᠤᠨ᠎ᠠ᠃ ᠱᠠᠭᠠᠷᠳᠠᠯᠭ᠎ᠠ ᠳᠤ ᠨᠡᠶᠢᠴᠡᠬᠦ ᠲᠥᠷᠥᠯ ᠵᠦᠢᠯ ᠢ ᠬᠤᠭᠤᠴᠠᠭ᠎ᠠ ᠬᠢᠵᠠᠭᠠᠷᠯᠠᠨ ᠬᠢᠨᠠᠨ ᠵᠥᠪᠰᠢᠶᠡᠷᠡᠨ᠎ᠡ᠃ ᠥᠪᠡᠷᠲᠡᠭᠡᠨ ᠵᠠᠰᠠᠬᠤ ᠣᠷᠣᠨ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ ᠭᠠᠵᠠᠷ ᠰᠢᠷᠣᠢ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠲᠥᠯᠦᠪᠵᠢᠭᠦᠯᠭᠡ ᠶᠢᠨ ᠭᠠᠵᠠᠷ ᠰᠣᠩᠭᠤᠬᠤ ᠶᠢ ᠭᠦᠢᠴᠡᠳᠬᠡᠬᠦ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠬᠡᠲᠦᠷᠡᠭᠦᠯᠬᠦ ᠦᠭᠡᠢ᠃ ︽ᠤᠷᠢᠳᠴᠢᠯᠠᠨ ᠭᠠᠷ ᠳᠦᠷᠦᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾᠂ ᠵᠥᠪᠰᠢᠶᠡᠷᠡᠯ ᠬᠦᠯᠢᠶᠡᠵᠦ ᠪᠠᠶᠢᠭ᠎ᠠ ᠪᠣᠶ ᠪᠦᠬᠦᠢ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠣᠯᠬᠤ ᠶᠢ ᠪᠠᠲᠤᠯᠠᠬᠤ ᠪᠠ ᠢᠯᠭᠠᠷᠠᠭᠤᠯᠤᠨ ᠳᠢᠭᠯᠡᠨ᠎ᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠢᠭᠡ ᠲᠠᠯ᠎ᠠ ᠪᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠳᠬᠤᠵᠤ᠂ ᠨᠦᠬᠦᠭᠡ ᠲᠠᠯ᠎ᠠ ᠪᠠᠷ ᠠᠮᠢ ᠠᠬᠤᠢ ᠶᠢᠨ ᠬᠠᠮᠠᠭᠠᠯᠠᠯᠲᠠ ᠶᠢ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠲᠤ ᠬᠤᠯᠪᠣᠭᠳᠠᠭᠰᠠᠨ ᠲᠦᠷᠦᠯ ᠵᠦᠢᠯ ᠳᠤ ᠪᠠᠶᠢᠴᠠᠭᠠᠨ ᠰᠢᠢᠳᠪᠦᠷᠢᠯᠡᠬᠦ ᠠᠵᠢᠯ ᠥᠷᠨᠢᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠬᠢᠨᠠᠨ ᠬᠠᠷᠭᠤᠭᠤᠯᠬᠤ ᠠᠬᠢᠴᠠ ᠶᠢ ᠴᠠᠭ ᠲᠤᠬᠠᠢ ᠳᠤ ᠨᠢ ᠡᠵᠡᠮᠰᠢᠵᠦ᠂ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠬᠢᠨᠠᠨ ᠬᠠᠷᠭᠤᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠢᠨᠠᠨ ᠬᠠᠷᠭᠤᠭᠤᠯᠬᠤ ᠴᠠᠭ ᠢ ᠪᠣᠭᠤᠨᠢᠰᠬᠠᠨ᠎ᠠ᠃ ᠨᠥᠬᠦᠴᠡᠯ ᠪᠦᠷᠢᠳᠦᠭᠰᠡᠨ ᠣᠶ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠲᠥᠷᠥᠯ ᠵᠦᠢᠯ ᠢ ᠤᠳᠠᠭᠠᠰᠢᠷᠠᠭᠤᠯᠬᠤ ᠦᠭᠡᠢ ᠪᠠᠷ ᠬᠢᠨᠠᠬᠤ ᠶᠢᠨ ᠳᠠᠭᠠᠤ ᠵᠥᠪᠰᠢᠶᠡᠷᠡᠵᠦ᠂ ᠵᠥᠪᠰᠢᠶᠡᠷᠡᠯ ᠬᠦᠯᠢᠶᠡᠵᠦ ᠪᠠᠶᠢᠭ᠎ᠠ ᠲᠥᠷᠥᠯ ᠵᠦᠢᠯ ᠢ ᠶᠡᠭᠡ ᠪᠠᠷ ᠰᠢᠢᠳᠪᠦᠷᠢᠯᠡᠬᠦ ᠠᠵᠢᠯᠯᠠᠭ᠎ᠠ ᠶᠢ ᠴᠢᠨᠠᠷ ᠲᠤᠭ᠎ᠠ ᠶᠢ ᠪᠠᠲᠤᠯᠠᠨ ᠴᠠᠭ ᠲᠤᠬᠠᠢ ᠳᠤ ᠨᠢ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ