ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/8/16

      8 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 28 ᠤ ᠡᠳᠦᠷ ᠤᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠩᠰᠠ ᠶᠢ ᠪᠤᠳᠤᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠵᠦ᠂ ᠬᠠᠮᠢᠶᠠᠷᠬᠤ ᠶᠣᠰᠣᠲᠠᠢ ᠶᠢ ᠨᠢ ᠵᠠᠪᠠᠯ ᠬᠠᠮᠢᠶᠠᠷᠴᠤ᠂ ᠪᠠᠲᠤᠯᠠᠬᠤ ᠶᠣᠰᠣᠲᠠᠢ ᠶᠢ ᠨᠢ ᠵᠠᠪᠠᠯ ᠪᠠᠲᠤᠯᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠨᠠᠮᠳᠠᠭᠤᠯᠬᠤ ᠪᠠᠷ ᠴᠢᠷᠮᠠᠶᠢᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ ᠬᠦᠴᠦ ᠪᠠᠷ ᠢᠶᠠᠨ ᠪᠠᠬᠢᠵᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠴᠠ ᠪᠣᠳᠠᠲᠠᠢ᠂ ᠨᠠᠷᠢᠯᠢᠭ ᠠᠴᠠ ᠨᠠᠷᠢᠯᠢᠭ ᠰᠠᠶᠢᠲᠤᠷ ᠬᠢᠵᠤ᠂ ᠶᠠᠭᠠᠬᠢᠭᠰᠠᠨ ᠴᠤ ᠲᠠᠶᠢᠪᠤᠰᠢᠷᠠᠨ ᠴᠠᠯᠠᠭᠠᠶᠢᠷᠠᠵᠤ᠂ ᠡᠷᠴᠢ ᠰᠤᠯᠠᠷᠠᠨ ᠬᠤᠶᠢᠷᠭᠤᠰᠢᠵᠤ ᠪᠣᠯᠬᠤ ᠦᠭᠡᠢ᠃ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠢᠭᠤᠯᠴᠢᠯᠠᠯ ᠤᠨ ᠦᠢᠯᠡᠰ ᠤᠨ ᠲᠦᠷᠭᠡᠨ ᠢᠶᠠᠷ ᠰᠡᠷᠭᠦᠬᠦ ᠶᠢ ᠠᠬᠢᠭᠤᠯᠵᠤ᠂ ᠬᠢᠯᠢ ᠶᠢᠨ ᠪᠣᠭᠤᠮᠲᠠ ᠪᠠᠷ ᠨᠡᠪᠲᠡᠷᠡᠭᠦᠯᠬᠦ ᠶᠢ ᠪᠠᠳᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠬᠡᠷᠡᠭᠲᠡᠢ᠃ ᠠᠩᠬᠠᠷᠤᠯ ᠢᠶᠠᠨ ᠰᠠᠶᠢᠳᠤᠷ ᠲᠦᠪᠯᠡᠷᠡᠬᠦᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠲᠠᠯ᠎ᠠ ᠪᠠᠷ ᠰᠠᠬᠢᠵᠤ᠂ ᠢᠯᠠᠩᠭᠤᠶ᠎ᠠ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠠᠳᠬᠤᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠬᠠᠮᠢᠶᠠᠷᠤᠨ ᠡᠵᠡᠮᠳᠡᠵᠦ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠰᠠᠷ ᠢ ᠪᠠᠶᠢᠭᠤᠯᠵᠦ ᠳᠠᠭᠤᠰᠬᠠᠨ ᠲᠤᠰᠢᠶᠠᠬᠤ ᠶᠢ ᠪᠠᠲᠤᠯᠠᠵᠤ᠂ ᠭᠡᠷ ᠭᠠᠵᠠᠷ ᠤᠨ ᠬᠦᠷᠦᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠵᠡᠷᠬᠡ ᠪᠠᠷ ᠡᠭᠦᠰᠦᠨ ᠳᠠᠪᠬᠤᠴᠠᠵᠤ ᠲᠠᠮᠵᠢᠵᠦ ᠲᠡᠰ ᠳᠡᠪᠰᠢᠬᠦ ᠠᠴᠠ ᠰᠡᠷᠭᠡᠶᠢᠯᠡᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠰᠡᠳᠭᠢᠯ ᠲᠠᠯᠪᠢᠵᠦ ᠪᠠᠲᠤᠯᠠᠨ ᠰᠠᠶᠢᠵᠢᠷᠠᠭᠤᠯᠵᠤ᠂ ᠠᠵᠢᠯ ᠣᠯᠭᠤᠯᠲᠠ ᠶᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ ᠬᠤᠶᠠᠷ ᠶᠡᠭᠡ ᠶᠠᠪᠤᠳᠠᠯ ᠢ ᠲᠤᠪᠤᠶᠢᠮ᠎ᠠ ᠰᠠᠶᠢᠲᠤᠷ ᠠᠳᠬᠤᠬᠤ ᠬᠡᠷᠡᠭᠲᠡᠢ ᠭᠡᠵᠤ ᠴᠢᠬᠤᠯᠠᠴᠢᠯᠠᠵᠠᠢ᠃
      ᠬᠤᠷᠠᠯ ᠠᠴᠠ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢᠳᠡᠪᠬᠢᠲᠡᠢ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠥᠰᠦᠯ ᠳᠤ ᠲᠣᠭᠲᠠᠭᠠᠭᠰᠠᠨ ᠬᠠᠷᠠᠯᠲᠠ ᠱᠠᠭᠠᠷᠳᠠᠯᠭ᠎ᠠ ᠪᠣᠯᠤᠨ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠦᠴᠢᠷᠳᠡᠯ ᠪᠣᠯᠤᠨ ᠠᠰᠠᠭᠤᠳᠠᠯ ᠲᠤᠯᠭᠠᠷᠠᠪᠠᠯ ᠢᠳᠡᠪᠬᠢᠲᠡᠢ ᠪᠠᠷ ᠠᠷᠭ᠎ᠠ ᠪᠤᠳᠤᠵᠤ ᠰᠢᠢᠳᠪᠦᠷᠢᠯᠡᠬᠦ ᠬᠡᠷᠡᠭᠲᠡᠢ᠃ ᠤᠯᠤᠰ ᠤᠨ ᠳᠡᠮᠵᠢᠯᠭᠡ ᠶᠢ ᠬᠡᠷᠡᠭᠰᠡᠬᠦ ᠴᠢᠬᠤᠯᠠᠲᠠᠶ ᠵᠦᠶᠯᠡᠰ ᠢ ᠰᠢᠰᠲ᠋ᠧᠮ ᠲᠠᠢ ᠡᠮᠬᠢᠯᠡᠵᠦ᠂ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠭᠦᠶᠴᠡᠳ ᠬᠢᠵᠦ᠂ ᠤᠯᠤᠰ ᠤᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠤᠯᠬᠤ ᠬᠡᠷᠡᠭᠲᠡᠶ ᠭᠡᠵᠤ ᠴᠢᠬᠤᠯᠠᠴᠢᠯᠠᠵᠠᠢ᠃
      ᠬᠤᠷᠠᠯ ᠠᠴᠠ ︽ᠲᠠᠪᠤᠨ ᠲᠠᠯ᠎ᠠ ᠶᠢᠨ ᠪᠠᠶᠢᠳᠠᠯ ᠢ ᠶᠡᠭᠡ ᠪᠠᠷ ᠤᠶᠢᠯᠠᠭᠠᠬᠤ ᠠᠵᠢᠯᠯᠠᠭ᠎ᠠ︾ ᠶᠢ ᠠᠬᠢᠭᠤᠯᠵᠦ ᠪᠠᠶᠢᠭ᠎ᠠ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ︽ᠲᠠᠪᠤᠨ ᠲᠠᠯ᠎ᠠ ᠶᠢᠨ ᠪᠠᠶᠢᠳᠠᠯ ᠢ ᠶᠡᠭᠡ ᠪᠠᠷ ᠤᠶᠢᠯᠠᠭᠠᠬᠤ ᠠᠵᠢᠯᠯᠠᠭ᠎ᠠ︾ ᠶᠢ ᠥᠷᠨᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠬᠤᠯᠠ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠂ ᠮᠠᠨ ᠤ ᠣᠷᠣᠨ ᠤ ᠠᠵᠤ ᠠᠬᠤᠶ ᠶᠢᠨ ᠬᠦᠷᠢᠶᠡᠨ ᠳᠤ ᠣᠷᠳᠣ ᠬᠤᠭᠤᠴᠠᠭ᠎ᠠ ᠪᠠᠷ ᠣᠷᠣᠰᠢᠵᠤ ᠪᠠᠶᠢᠭ᠎ᠠ ᠶᠠᠰᠤ ᠴᠢᠨᠠᠷ ᠳᠤᠤᠷ᠎ᠠ ᠦᠷ᠎ᠡ ᠠᠰᠢᠭ ᠳᠤᠤᠷ᠎ᠠ᠂ ᠰᠤᠯᠠ ᠲᠠᠯᠪᠢᠵᠤ ᠪᠦᠷᠢᠯᠭᠡᠵᠦ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ ᠶᠤᠮ᠃ ᠡᠯ᠎ᠡ ᠱᠠᠲᠤᠨ ᠤ ᠬᠢᠨ ᠠᠵᠢᠯ ᠤᠨ ᠲᠥᠰᠦᠯ ᠶᠣᠰᠣᠭᠠᠷ᠂ ᠠᠬᠢᠴᠠ ᠪᠠᠨ ᠲᠦᠷᠭᠡᠳᠭᠡᠵᠦ᠂ ᠡᠷᠴᠢᠮ ᠢᠶᠠᠨ ᠴᠢᠩᠭᠠᠷᠠᠭᠤᠯᠤᠨ ᠪᠠᠶᠢᠳᠠᠯ ᠢ ᠶᠡᠭᠡ ᠪᠠᠷ ᠤᠶᠢᠯᠠᠭᠠᠬᠤ ᠶᠢ ᠠᠬᠢᠭᠤᠯᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠣᠪᠣᠷ ᠢᠶᠠᠷ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠪᠠᠶᠢᠳᠠᠯ ᠢ ᠪᠦᠷᠢᠨ ᠣᠶᠢᠯᠠᠭᠠᠵᠤ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠵᠤ᠂ ᠭᠠᠵᠠᠷ ᠣᠷᠣᠨ ᠴᠠᠭ ᠲᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠶᠳᠪᠦᠷᠢᠯᠡᠵᠦ᠂ ᠬᠡᠳᠦᠶ ᠠᠰᠠᠭᠤᠳᠠᠯ ᠪᠠᠶᠢᠪᠠᠯ ᠲᠡᠳᠦᠶ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠡᠬᠢ ᠡᠭᠦᠰᠦᠯ ᠠᠴᠠ ᠨᠢ ᠰᠢᠯᠲᠠᠭᠠᠨ ᠢ ᠨᠢ ᠡᠷᠢᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠠᠷᠭ᠎ᠠ ᠬᠡᠮᠵᠢᠶ᠎ᠡ ᠰᠦᠪᠡᠭᠴᠢᠯᠡᠵᠦ᠂ ᠣᠷᠳᠣ ᠬᠤᠭᠤᠴᠠᠭᠠᠨ ᠤ ᠪᠦᠲᠦᠮᠵᠢᠲᠤ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠦᠨᠳᠦᠰᠦᠨ ᠠᠴᠠ ᠨᠢ ᠲᠤᠶᠢᠯᠪᠤᠷᠢᠲᠠᠶ ᠰᠢᠶᠳᠪᠦᠷᠢᠯᠡᠵᠦ᠂ ᠬᠡᠳᠦᠨ ᠵᠢᠯ ᠤᠨ ᠳᠠᠷᠠᠭ᠎ᠠ ᠠᠰᠠᠭᠤᠳᠠᠯ ᠳᠠᠬᠢᠨ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠷᠭ᠎ᠠ ᠬᠡᠯᠪᠡᠷᠢ ᠠᠷᠭ᠎ᠠ ᠬᠡᠮᠵᠢᠶ᠎ᠡ ᠶᠢ ᠡᠷᠬᠢᠮᠯᠡᠵᠦ᠂ ᠠᠶᠢᠵᠠᠮ ᠪᠣᠯᠤᠨ ᠡᠷᠴᠢᠮ ᠢ ᠰᠠᠶᠢᠲᠤᠷ ᠡᠵᠡᠮᠳᠡᠵᠦ᠂ ᠡᠯ᠎ᠡ ᠵᠦᠢᠯ ᠤᠨ ᠠᠵᠢᠯ ᠢ ᠲᠣᠭᠲᠠᠭᠤᠨ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠭᠳᠠᠬᠤ ᠪᠠ ᠲᠣᠭᠤᠷᠢᠨ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ᠤᠯᠤᠰ ᠲᠦᠷᠦ ᠶᠢᠨ ᠡᠭᠦᠷᠭᠡ ᠮᠥᠨ᠂ ᠡᠷᠬᠡᠪᠰᠢ ᠥᠪᠡᠷ ᠤᠨ ᠦᠷᠳᠡᠭ ᠢ ᠪᠤᠳᠤᠬᠤ ᠦᠭᠡᠢ᠂ ᠦᠷᠡᠭᠳᠡᠯ ᠢ ᠪᠤᠳᠤᠬᠤ ᠦᠭᠡᠢ ᠪᠠᠷ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠭᠡᠵᠦ᠂ ᠲᠣᠭᠤᠷᠢᠨ ᠪᠠᠶᠢᠴᠠᠭᠠᠬᠤ ᠠᠵᠢᠯ ᠤᠨ ︽ᠰᠡᠭᠦᠯᠴᠢ ᠶᠢᠨ ᠠᠵᠢᠯ︾ ᠢ ᠰᠠᠶᠢᠲᠤᠷ ᠬᠢᠬᠦ ᠬᠡᠷᠡᠭᠲᠡᠢ᠃ ᠤᠷᠳᠤ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠴᠢᠬᠤᠯᠠᠲᠠᠢ ᠡᠭᠦᠷᠭᠡ ᠶᠢ ᠨᠢᠬᠳᠠ ᠮᠦᠷᠳᠡᠵᠤ ᠴᠢᠩᠭ᠎ᠠ ᠠᠳᠬᠤᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠵᠢᠯ ᠪᠦᠷᠢ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠦᠴᠢᠷᠳᠡᠯ ᠢᠶᠠᠷ ᠶᠡᠭᠡ ᠡᠭᠦᠷᠭᠡ ᠶᠢ ᠪᠡᠶᠡᠯᠡᠭᠦᠯᠬᠦ ᠳᠤ᠂ ᠨᠡᠩ ᠬᠦᠴᠦᠲᠡᠢ ᠪᠣᠭᠤᠮᠲᠠ ᠰᠢᠪᠲᠤᠯᠬᠤ ᠠᠷᠭ᠎ᠠ ᠬᠡᠮᠵᠢᠶ᠎ᠡ ᠶᠢ ᠠᠪᠴᠤ᠂ ᠳᠠᠷᠤᠢ ᠲᠦᠷᠭᠡᠨ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠲᠡᠨᠳᠡ ᠨᠢ ᠲᠠᠯᠪᠢᠭᠠᠳ ᠪᠠᠶᠢᠵᠤ ᠪᠣᠯᠬᠤ ᠦᠭᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠡᠳᠦᠷ ᠲᠤᠳᠤᠮ ᠤᠨ ᠬᠢᠨᠠᠯᠲᠠ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠬᠢᠨ ᠮᠥᠷᠳᠡᠨ ᠱᠠᠯᠠᠪᠳᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ ᠠᠵᠢᠯ ᠢ  ᠴᠢᠨᠠᠭᠰᠢᠳᠠ ᠠᠬᠢᠭᠤᠯᠬᠤ ᠲᠤᠬᠠᠶ ᠰᠠᠨᠠᠯ︾ ᠢ ᠬᠢᠨᠠᠨ ᠵᠥᠪᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠪᠠ ᠵᠠᠯᠠᠷᠠᠭᠤᠯᠬᠤ ᠲᠣᠭᠲᠠᠴᠠ ᠶᠢ ᠦᠨᠡᠨ ᠪᠤᠲᠠᠲᠠᠢ ᠨᠠᠶᠢᠳᠠᠪᠤᠷᠢᠵᠢᠭᠤᠯᠤᠨ᠂ ᠺᠠᠳ᠋ᠷᠴᠤᠳ ᠤᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠠᠩ ᠰᠠᠶᠢᠲᠤᠷ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠶᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠭᠡᠬᠦ ᠳᠤ ᠠᠯᠢ ᠨᠢ ᠲᠥᠬᠦᠮ ᠪᠤᠯ ᠲᠡᠷᠡ ᠶᠠᠩᠵᠤ ᠪᠠᠷ ᠬᠢᠬᠦ ᠬᠡᠷᠡᠭᠲᠡᠶ᠃ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠲᠦᠷᠢᠮ ᠤᠨ ᠬᠠᠤᠯᠢ ᠲᠣᠭᠲᠠᠭᠠᠬᠤ ᠠᠵᠢᠯ ᠢ ᠱᠠᠯᠠᠪᠳᠠᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ︽︿ᠤᠯᠤᠰ ᠤᠨ ᠪᠠᠷᠢᠮᠵᠢᠶᠠᠵᠢᠭᠤᠯᠤᠭᠰᠠᠨ ᠬᠥᠭᠵᠢᠯᠲᠡ ᠶᠢᠨ ᠬᠥᠲᠥᠯᠪᠦᠷᠢ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠪᠣᠯᠤᠨ ︽ᠰᠢᠨ᠎ᠡ ᠴᠠᠭ ᠦᠶ᠎ᠡ ᠶᠢᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ