ᠮᠠᠨ ᠤ ᠣᠷᠣᠨ ᠤ 8 ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/8/16

      8 ᠳ᠋ᠤᠭᠠᠷ ᠰᠠᠷ᠎ᠠ ᠶᠢᠨ 15 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠵᠡᠢ ︵ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠴᠠᠢ︶᠂ ᠬᠦᠬᠡᠬᠤᠳᠠ ᠶᠢᠨ ᠲᠦᠮᠡᠳ ᠵᠡᠭᠦᠨ ᠬᠤᠰᠢᠭᠤᠨ ᠳᠤ ᠪᠤᠢ᠂ 8 ᠳ᠋ᠤᠭᠠᠷ ᠰᠠᠷ᠎ᠠ ᠶᠢᠨ 13 ᠤ ᠡᠳᠦᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠲᠤᠭᠴᠢ ᠪᠣᠯᠤᠨ᠎ᠠ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠨᠡᠮᠡᠭᠳᠡᠪᠡ᠃ ᠲᠤᠬᠠᠢ ᠶᠢᠨ ᠭᠠᠵᠠᠷ ᠤᠨ ᠲᠣᠳᠤᠯᠠᠭᠰᠠᠨ 18 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 15 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 14︶ ᠪᠤᠢ᠃ 4 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠴᠦᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ 2 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃
      8 ᠳ᠋ᠤᠭᠠᠷ ᠰᠠᠷ᠎ᠠ ᠶᠢᠨ 15 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 83 ᠪᠠᠶᠢᠵᠤ᠂ ᠡᠭᠦᠨ ᠳᠤ ᠬᠦᠬᠡᠬᠤᠳᠠ ᠳᠤ 7 ︵ᠰᠢᠨ᠎ᠡ ᠬᠤᠲᠠ ᠲᠣᠭᠤᠷᠢᠭ ᠲᠤ 4᠂ ᠢᠤᠢ ᠴᠢᠤᠸᠠᠨ ᠲᠣᠭᠤᠷᠢᠭ ᠲᠤ 1᠂ ᠲᠦᠮᠡᠳ ᠵᠡᠭᠦᠨ ᠬᠤᠰᠢᠭᠤᠨ ᠳᠤ 1᠂ ᠦᠴᠤᠸᠠᠨ ᠰᠢᠶᠠᠨ ᠳᠤ 1︶᠂ ᠰᠢᠯᠢ ᠶᠢᠨ ᠭᠤᠣᠯ ᠠᠶᠢᠮᠠᠭ ᠲᠤ 16 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 58 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 49᠂ ᠱᠠᠩᠲᠤ ᠰᠢᠶᠠᠨ ᠳᠤ 2︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 44᠂ ᠡᠭᠦᠨ ᠳᠤ ᠰᠢᠯᠢ ᠶᠢᠨ ᠭᠤᠣᠯ ᠠᠶᠢᠮᠠᠭ ᠲᠤ 8 ︵ᠡᠷᠢᠶᠡᠨ ᠬᠤᠲᠠ ᠳᠤ 7᠂ ᠰᠦᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 36 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 35︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 14᠂ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ