2022 ᠣᠨ ᠤ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠪᠣᠬᠢᠷᠳᠤᠯ ᠦᠭᠡᠢ ᠪᠠᠷᠢᠯᠭ᠎ᠠ ᠶᠢᠨ ᠲᠠᠯᠠᠪᠠᠶ 1158.81 ᠲᠦᠮᠡᠨ ᠺᠦᠸᠠᠳ᠋ ᠮᠧᠲᠷ ᠲᠤ ᠬᠥᠷᠪᠡ
ᠨᠡᠶᠢᠲᠡᠯᠡᠭᠰᠡᠨ ᠴᠠᠭ᠄
2022/8/17

      ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠦᠰᠡᠯ ᠡᠷᠡᠮᠡᠯᠵᠡᠯ ᠢ ᠭᠦᠨᠵᠡᠭᠡᠢ ᠦᠢᠯᠡᠳᠦᠯᠭᠡᠵᠢᠭᠦᠯᠵᠦ᠂ ᠪᠥᠬᠦ ᠣᠷᠣᠨ ᠤ ᠪᠣᠬᠢᠷᠳᠤᠯ ᠦᠭᠡᠢ ᠪᠠᠷᠢᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ᠃ 2022 ᠣᠨ ᠤ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ ᠪᠠᠷᠢᠯᠭ᠎ᠠ ᠶᠢᠨ ᠵᠢᠷᠤᠭ ᠲᠦᠯᠦᠪᠯᠡᠭᠡ ᠶᠢᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠣᠬᠢᠷᠳᠤᠯ ᠦᠭᠡᠢ ᠪᠠᠷᠢᠯᠭ᠎ᠠ ᠶᠢᠨ ᠲᠥᠷᠥᠯ ᠵᠦᠢᠯ ᠨᠡᠶᠢᠲᠡ 1042 ᠪᠠᠶᠢᠵᠤ᠂ 1158.81 ᠲᠦᠮᠡᠨ ᠺᠦᠸᠠᠳ᠋ ᠮᠧᠲᠷ ᠲᠤ ᠬᠦᠷᠴᠡᠢ᠃
      ᠡᠭᠦᠨ ᠳᠤ᠂ ᠬᠥᠬᠡᠬᠤᠲᠠ᠂ ᠰᠢᠯᠢ ᠶᠢᠨ ᠭᠤᠣᠯ ᠠᠶᠢᠮᠠᠭ ᠤᠨ ᠪᠣᠬᠢᠷᠳᠤᠯ ᠦᠭᠡᠢ ᠪᠠᠷᠢᠯᠭ᠎ᠠ ᠶᠢᠨ ᠲᠠᠯᠠᠪᠠᠶ 200 ᠲᠦᠮᠡᠨ ᠺᠦᠸᠠᠳ᠋ ᠮᠧᠲᠷ ᠢ ᠳᠠᠪᠠᠵᠤ᠂ ᠤᠯᠠᠭᠠᠨᠬᠠᠳᠠ ᠬᠤᠲᠠ᠂ ᠲᠦᠩᠯᠢᠶᠣᠣ ᠬᠤᠲᠠ 100 ᠲᠦᠮᠡᠨ ᠺᠦᠸᠠᠳ᠋ ᠮᠧᠲᠷ ᠢ ᠳᠠᠪᠠᠵᠤ᠂ 4 ᠠᠶᠢᠮᠠᠭ ᠬᠤᠲᠠ ᠶᠢᠨ ᠪᠣᠬᠢᠷᠳᠤᠯ ᠦᠭᠡᠢ ᠪᠠᠷᠢᠯᠭ᠎ᠠ ᠶᠢᠨ ᠲᠠᠯᠠᠪᠠᠶ ᠨᠢ ᠪᠥᠬᠦ ᠣᠷᠣᠨ ᠤ ᠶᠡᠷᠦᠩᠬᠡᠢ ᠲᠠᠯᠠᠪᠠᠶ ᠶᠢᠨ 69%᠎ ᠠᠴᠠ ᠳᠡᠭᠡᠭᠰᠢᠬᠢ ᠶᠢ ᠡᠵᠡᠯᠡᠪᠡ᠃ ᠪᠥᠬᠦ ᠣᠷᠣᠨ ᠤ ᠡᠭᠦᠰᠦᠮᠡᠯ ᠡᠨᠧᠷᠭᠢ ᠶᠢᠨ ᠪᠠᠷᠢᠯᠭ᠎ᠠ ᠶᠢᠨ ᠬᠡᠷᠡᠭᠯᠡᠭᠡᠨ ᠤ ᠲᠥᠷᠥᠯ ᠵᠦᠢᠯ 56 ᠪᠠᠶᠢᠵᠤ᠂ 45.47 ᠲᠦᠮᠡᠨ ᠺᠦᠸᠠᠳ᠋ ᠮᠧᠲᠷ ᠲᠤ ᠬᠥᠷᠪᠡ᠃ ᠪᠥᠬᠦ ᠣᠷᠣᠨ ᠤ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠲᠠᠯᠠᠪᠠᠶ 313.50 ᠲᠦᠮᠡᠨ ᠺᠦᠸᠠᠳ᠋ ᠮᠧᠲᠷ ᠲᠤ ᠬᠥᠷᠪᠡ᠃
      ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠪᠥᠬᠦ ᠶᠠᠪᠤᠴᠠ ᠶᠢ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠵᠦ᠂ ᠡᠭᠦᠰᠦᠮᠡᠯ ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠪᠠ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠭᠡᠷᠡᠴᠢᠯᠡᠬᠦ᠂ ᠳᠡᠯᠭᠡᠷᠡᠭᠦᠯᠦᠨ ᠬᠡᠷᠡᠭᠯᠡᠬᠦ ᠠᠵᠢᠯ ᠢ ᠠᠬᠢᠭᠤᠯᠤᠨ᠂ ︽ᠪᠣᠬᠢᠷᠳᠤᠯ ᠦᠭᠡᠢ ᠪᠠᠷᠢᠯᠭ᠎ᠠ ᠶᠢᠨ ᠦᠨᠡᠯᠡᠯᠲᠡ ᠶᠢᠨ ᠪᠠᠷᠢᠮᠵᠢᠶ᠎ᠠ︾ ᠵᠡᠷᠭᠡ ᠵᠢᠷᠤᠮᠵᠢᠭᠰᠠᠨ ᠪᠣᠯᠪᠠᠰᠤᠷᠠᠯ ᠪᠠ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠬᠢᠵᠦ᠂ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠬᠤ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ