|
ᠮᠠᠨ ᠤ ᠣᠷᠣᠨ ᠤ 8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/8/17
|
|
8 ᠳ᠋ᠤᠭᠠᠷ ᠰᠠᠷ᠎ᠠ ᠶᠢᠨ 16 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠵᠡᠢ᠂ ᠡᠭᠦᠨ ᠳᠤ ᠬᠦᠬᠡᠬᠤᠳᠠ ᠳᠤ 1 ︵8 ᠳ᠋ᠤᠭᠠᠷ ᠰᠠᠷ᠎ᠠ ᠶᠢᠨ 13 ᠤ ᠡᠳᠦᠷ ᠤᠨ ᠨᠢᠭᠡ ᠡᠭᠡᠯᠵᠢ ᠶᠢᠨ ᠨᠢᠰᠭᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠳᠤᠭᠴᠢ︶᠂ ᠤᠯᠠᠭᠠᠨᠴᠠᠪ ᠬᠤᠲᠠ ᠳᠤ 1 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠪᠤᠢ᠂ ᠡᠮᠦᠨᠡᠬᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠨᠢᠭᠲᠠ ᠣᠶᠢᠷᠠᠲᠤᠭᠴᠢ︶ ᠪᠤᠢ᠃ ᠲᠤᠬᠠᠢ ᠶᠢᠨ ᠭᠠᠵᠠᠷ ᠤᠨ ᠲᠣᠳᠤᠯᠠᠭᠰᠠᠨ 10 ᠡᠪᠡᠳᠴᠢᠨ ᠤ ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 3 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 6 ︵ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 5᠂ ᠱᠠᠩᠲᠤ ᠰᠢᠶᠠᠨ ᠳᠤ 1︶᠂ ᠦᠬᠠᠢ ᠬᠤᠲᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ︶ ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ 7 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠰᠢᠯᠢ ᠶᠢᠨ ᠭᠤᠣᠯ ᠠᠶᠢᠮᠠᠭ ᠲᠤ 4 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 3 ︵ᠴᠦᠮ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ︶ ᠪᠤᠢ᠃ 8 ᠳ᠋ᠤᠭᠠᠷ ᠰᠠᠷ᠎ᠠ ᠶᠢᠨ 16 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 73 ᠪᠠᠶᠢᠵᠤ᠂ ᠡᠭᠦᠨ ᠳᠤ ᠬᠦᠬᠡᠬᠤᠳᠠ ᠳᠤ 7 ︵ᠦᠴᠤᠸᠠᠨ ᠰᠢᠶᠠᠨ ᠳᠤ 1᠂ ᠪᠤᠰᠤᠳ 6 ᠵᠢᠱᠢᠶ᠎ᠡ ᠨᠢ ᠴᠦᠮ ᠠᠳᠠᠯᠢ ᠨᠢᠭᠡ ᠡᠭᠡᠯᠵᠢ ᠶᠢᠨ ᠨᠢᠰᠭᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ︶᠂ ᠰᠢᠯᠢ ᠶᠢᠨ ᠭᠤᠣᠯ ᠠᠶᠢᠮᠠᠭ ᠲᠤ 13 ︵ᠴᠦᠮ ᠡᠷᠢᠶᠡᠨ ᠬᠤᠲᠠ ᠳᠤ︶᠂ ᠤᠯᠠᠭᠠᠨᠴᠠᠪ ᠬᠤᠲᠠ ᠳᠤ 52 ︵ᠵᠢᠨᠢᠩ ᠲᠣᠭᠤᠷᠢᠭ ᠲᠤ 7᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 44᠂ ᠱᠠᠩᠲᠤ ᠰᠢᠶᠠᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠳᠤᠮᠳᠠᠳᠤ ᠬᠤᠰᠢᠭᠤᠨ ᠳᠤ︶ ᠪᠤᠢ᠂ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 39 ᠪᠠᠶᠢᠵᠤ᠂ ᠡᠭᠦᠨ ᠳᠤ ᠬᠦᠬᠡᠬᠤᠳᠠ ᠳᠤ 1 ︵ᠨᠢᠭᠡ ᠡᠭᠡᠯᠵᠢ ᠶᠢᠨ ᠨᠢᠰᠭᠡᠯ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠶᠢᠨ ᠨᠢᠭᠲᠠ ᠣᠶᠢᠷᠠᠳᠤᠭᠴᠢ︶᠂ ᠰᠢᠯᠢ ᠶᠢᠨ ᠭᠤᠣᠯ ᠠᠶᠢᠮᠠᠭ ᠲᠤ 4 ︵ᠡᠷᠢᠶᠡᠨ ᠬᠤᠲᠠ ᠳᠤ 3᠂ ᠰᠦᠨᠢᠳ ᠪᠠᠷᠠᠭᠤᠨ ᠬᠤᠰᠢᠭᠤᠨ ᠳᠤ 1︶᠂ ᠤᠯᠠᠭᠠᠨᠴᠠᠪ ᠬᠤᠲᠠ ᠳᠤ 34 ︵ᠵᠢᠨᠢᠩ ᠲᠣᠭᠤᠷᠢᠭ ᠲᠤ 1᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ 33︶ ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 14 ᠪᠠᠶᠢᠵᠤ᠂ ᠴᠦᠮ ᠬᠦᠬᠡᠬᠤᠳᠠ ᠳᠤ ᠪᠤᠢ᠃ ᠪᠦᠬᠦᠨ ᠢ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠲᠠᠯᠠᠪᠤᠷ ᠲᠤ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|