ᠮᠠᠨ ᠤ ᠣᠷᠣᠨ ᠣᠶᠤᠲᠠᠳ ᠢ ᠮᠥᠩᠭᠦ ᠪᠠᠷ ᠲᠤᠰᠠᠯᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/8/17

      ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ᠂ ᠲᠠᠷᠢᠶᠠᠯᠠᠩ ᠳᠤ ᠬᠤᠯᠪᠣᠭᠳᠠᠭᠰᠠᠨ ᠶᠡᠭᠡ ᠳᠡᠭᠡᠳᠦ ᠰᠤᠷᠭᠠᠭᠤᠯᠢ᠂ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠮᠡᠷᠭᠡᠵᠢᠯ ᠤᠨ ᠰᠣᠷᠣᠭᠴᠢᠳ ᠢ ᠲᠤᠰᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠶᠢᠯᠠᠭᠰᠠᠨ ᠰᠢᠨ᠎ᠡ ᠡᠭᠦᠳᠦᠯᠲᠡ ᠶᠢᠨ ᠬᠡᠯᠪᠡᠷᠢ ᠶᠢᠨ᠂ ᠬᠠᠮ ᠬᠡᠷᠡᠭᠯᠡᠭᠡᠨ ᠤ ᠬᠡᠯᠪᠡᠷᠢ ᠶᠢᠨ᠂ ᠬᠡᠷᠡᠭᠯᠡᠭᠡᠨ ᠤ ᠤᠷ᠎ᠠ ᠴᠢᠳᠠᠪᠤᠷᠢ ᠶᠢᠨ ᠬᠡᠯᠪᠡᠷᠢ ᠶᠢᠨ ᠲᠠᠷᠢᠶᠠᠯᠠᠩ ᠣᠶ ᠰᠢᠭᠤᠢ ᠶᠢᠨ ᠴᠢᠳᠠᠪᠤᠷᠢᠲᠠᠨ ᠢ ᠲᠦᠷᠭᠡᠨ ᠬᠥᠮᠥᠵᠢᠭᠦᠯᠵᠦ᠂ ᠰᠤᠷᠭᠠᠨ ᠬᠥᠮᠦᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃

      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠪᠠ ᠪᠡᠶ᠎ᠡ ᠮᠠᠬᠠᠪᠤᠳ ᠤᠨ ᠬᠡᠪ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠠᠴᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠤᠯᠭ᠎ᠠ ᠶᠢᠨ ᠬᠠᠷᠢᠶᠠᠲᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠨᠢᠭᠡ ᠬᠤᠶᠠᠳᠤᠭᠠᠷ ᠣᠨ ᠤ ᠪᠣᠶ ᠪᠦᠬᠦᠢ ᠰᠣᠷᠣᠭᠴᠢ᠂ ᠬᠤᠲᠠ ᠶᠢᠨ ᠲᠠᠷᠢᠶᠠᠯᠠᠩ ᠳᠤ ᠬᠤᠯᠪᠣᠭᠳᠠᠭᠰᠠᠨ ᠲᠤᠰᠬᠠᠢ ᠮᠡᠷᠭᠡᠵᠢᠯ ᠤᠨ ᠰᠣᠷᠣᠭᠴᠢ ᠳᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠦᠷᠢᠮ ᠢ ᠪᠠᠶᠢᠭᠤᠯᠵᠤ᠂ ᠰᠣᠷᠣᠭᠴᠢ ᠪᠣᠯᠭᠠᠨ ᠳᠤ ᠵᠢᠯ ᠪᠦᠷᠢ 1500 – 2000 ᠲᠥᠭᠦᠷᠢᠭ ᠤᠨ ᠪᠠᠷᠢᠮᠵᠢᠶ᠎ᠠ ᠪᠠᠷ ᠲᠤᠰᠠᠯᠠᠨ᠎ᠠ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ᠂ ᠤᠷᠮᠠᠰᠢᠭᠤᠯᠤᠨ ᠵᠣᠷᠢᠭᠵᠢᠭᠤᠯᠬᠤ ᠰᠤᠷᠤᠯᠭ᠎ᠠ ᠶᠢᠨ ᠱᠠᠩᠨᠠᠯ ᠤᠨ ᠮᠥᠩᠭᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠬᠤᠪᠢᠶᠠᠷᠢᠯᠠᠯᠲᠠ ᠶᠢᠨ ᠲᠠᠯ᠎ᠠ ᠪᠠᠷ ᠲᠠᠷᠢᠶᠠᠯᠠᠩ ᠣᠶ ᠰᠢᠭᠤᠢ ᠵᠡᠷᠭᠡ ᠰᠢᠨᠵᠢᠯᠡᠭᠡᠨ ᠤ ᠲᠤᠰᠬᠠᠢ ᠮᠡᠷᠭᠡᠵᠢᠯ ᠢᠶᠠᠷ ᠭᠤᠣᠯᠯᠠᠭᠰᠠᠨ ᠶᠡᠭᠡ ᠳᠡᠭᠡᠳᠦ ᠰᠤᠷᠭᠠᠭᠤᠯᠢ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠨ᠎ᠡ᠃

      2021 ᠣᠨ ᠳᠤ᠂ ᠥᠪᠡᠷᠲᠡᠭᠡᠨ ᠵᠠᠰᠠᠬᠤ ᠣᠷᠣᠨ ᠪᠠᠰᠠ ᠲᠡᠭᠦᠰᠦᠭᠰᠡᠨ ᠣᠶᠤᠲᠠᠳ ᠲᠤ ᠦᠨᠳᠦᠰᠦᠨ ᠱᠠᠲᠤᠨ ᠠᠴᠠ ᠠᠵᠢᠯ ᠣᠯᠭᠤᠬᠤ ᠰᠤᠷᠤᠯᠭ᠎ᠠ ᠶᠢᠨ ᠰᠦᠢᠳᠬᠡᠯ ᠳᠤ ᠨᠢ ᠨᠥᠬᠦᠪᠦᠷᠢ ᠣᠯᠭᠤᠬᠤ ᠪᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠳᠥᠯᠥᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠡᠭᠦᠰᠦᠭᠰᠡᠨ ᠣᠶᠤᠲᠠᠳ ᠤᠨ ᠥᠪᠡᠷᠲᠡᠭᠡᠨ ᠵᠠᠰᠠᠬᠤ ᠣᠷᠣᠨ ᠤ ᠬᠦᠴᠢᠷ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠳᠤ ᠠᠵᠢᠯ ᠣᠯᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠦᠲᠦᠴᠡ ᠶᠢ ᠰᠠᠶᠢᠵᠢᠷᠠᠭᠤᠯᠤᠨ᠂ ᠬᠤᠲᠠ ᠬᠥᠳᠡᠭᠡ ᠪᠠ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ