ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ︽ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠠᠷᠭ᠎ᠠ︾ ᠶᠢ ᠨᠡᠶᠢᠲᠡᠯᠡᠨ ᠮᠠᠨ ᠤ ᠣᠷᠣᠨ ᠤ ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠪᠠᠷᠢᠮᠵᠢᠶ᠎ᠠ ᠶᠢᠨ ᠬᠦᠷᠢᠶ᠎ᠡ ᠴᠠᠷᠠᠭᠠᠨ ᠤ ᠬᠤᠭᠤᠰᠤᠨ ᠢ ᠨᠥᠬᠦᠪᠦᠷᠢᠯᠡᠪᠡ
ᠨᠡᠶᠢᠲᠡᠯᠡᠭᠰᠡᠨ ᠴᠠᠭ᠄
2022/8/17


      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ︽ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠠᠷᠭ᠎ᠠ︾ ᠶᠢ ᠨᠡᠶᠢᠲᠡᠯᠡᠪᠡ᠃
      ᠡᠨᠡ ᠬᠦ ᠣᠷᠣᠨ ᠨᠤᠲᠤᠭ ᠤᠨ ᠪᠠᠷᠢᠮᠵᠢᠶ᠎ᠠ ᠨᠢ ᠮᠠᠨ ᠤ ᠣᠷᠣᠨ ᠤ ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠪᠠᠷᠢᠮᠵᠢᠶ᠎ᠠ ᠶᠢᠨ ᠬᠦᠷᠢᠶ᠎ᠡ ᠴᠠᠷᠠᠭᠠᠨ ᠤ ᠬᠤᠭᠤᠰᠣᠨ ᠢ ᠨᠥᠬᠦᠪᠦᠷᠢᠯᠡᠨ᠂ ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢᠨ ᠦᠨᠳᠦᠰᠦᠨ ᠵᠠᠷᠴᠢᠮ᠂ ᠠᠵᠢᠯ ᠤᠨ ᠴᠤᠪᠤᠷᠠᠯ᠂ ᠲᠣᠭᠠᠴᠠᠭ᠎ᠠ ᠬᠢᠬᠦ ᠵᠠᠭᠠᠭ ᠬᠢᠵᠠᠭᠠᠷ᠂ ᠪᠦᠷᠢᠳᠬᠡᠨ ᠮᠡᠳᠡᠭᠦᠯᠬᠦ ᠬᠤᠭᠤᠴᠠᠭ᠎ᠠ᠂ ᠲᠣᠭᠠᠴᠠᠭ᠎ᠠ ᠬᠢᠬᠦ᠂ ᠦᠨᠡᠯᠡᠬᠦ᠂ ᠶᠠᠰᠤ ᠴᠢᠨᠠᠷ ᠢ ᠪᠠᠲᠤᠯᠠᠬᠤ ᠪᠠ ᠮᠡᠳᠡᠭᠦᠯᠬᠦ ᠱᠠᠭᠠᠷᠳᠠᠯᠭ᠎ᠠ ᠶᠢ ᠲᠤᠭᠲᠠᠭᠠᠵᠠᠢ᠃ ᠡᠨᠡ ᠬᠦ ᠪᠠᠷᠢᠮᠵᠢᠶ᠎ᠠ ᠶᠢ ᠡᠨᠧᠷᠭᠢ ᠬᠡᠷᠡᠭᠯᠡᠬᠦ ᠨᠢᠭᠡᠴᠢ ᠶᠢᠨ ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢᠨ ᠬᠠᠮᠢᠶ᠎ᠠ ᠪᠥᠬᠦᠶ ᠲᠣᠭᠠᠴᠠᠭ᠎ᠠ ᠬᠢᠬᠦ᠂ ᠦᠨᠡᠯᠡᠬᠦ ᠪᠠ ᠮᠡᠳᠡᠭᠦᠯᠬᠦ ᠠᠵᠢᠯ ᠳᠤ ᠬᠡᠷᠡᠭᠯᠡᠨ᠎ᠡ᠃ ᠲᠤᠰ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠴᠠᠬᠢᠯᠭᠠᠨ ᠬᠦᠴᠦᠨ ᠤ ᠲᠣᠭᠠᠴᠠᠭ᠎ᠠ ᠬᠢᠬᠦ᠂ ᠦᠨᠡᠯᠡᠬᠦ ᠪᠠ ᠭᠡᠷᠡᠴᠢᠯᠡᠬᠦ ᠠᠵᠢᠯ ᠢ ᠵᠢᠷᠤᠮᠵᠢᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠪᠠᠷᠢᠮᠵᠢᠶ᠎ᠠ ᠶᠢᠨ ᠬᠦᠷᠢᠶ᠎ᠡ ᠴᠠᠷᠠᠭᠠᠨ ᠤ ᠬᠤᠭᠤᠰᠣᠨ ᠢ ᠨᠥᠬᠦᠪᠦᠷᠢᠯᠡᠵᠡᠢ᠃
      ᠣᠷᠣᠨ ᠨᠤᠲᠤᠭ ᠤᠨ ᠪᠠᠷᠢᠮᠵᠢᠶ᠎ᠠ ︽ᠪᠣᠬᠢᠷᠲᠤᠯ ᠥᠬᠡᠶ ᠴᠠᠬᠢᠯᠭᠠᠨ ᠬᠦᠴᠦᠨ ᠤ ᠬᠡᠷᠡᠭᠯᠡᠯᠲᠡ ᠶᠢ ᠦᠨᠡᠯᠡᠬᠦ ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ᠂ ᠮᠠᠨ ᠤ ᠣᠷᠣᠨ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷᠠᠬᠢ ᠪᠣᠬᠢᠷᠲᠤᠯ ᠦᠭᠡᠢ ᠴᠠᠬᠢᠯᠭᠠᠨ ᠬᠦᠴᠦᠨ ᠤ ᠬᠥᠭᠵᠢᠯᠲᠡ ᠶᠢ ᠰᠦᠪᠡᠭᠴᠢᠯᠡᠨ ᠰᠢᠨ᠎ᠡ ᠶᠢ ᠡᠭᠦᠳᠦᠨ᠂ ᠦᠢᠯᠡᠳᠦᠯᠭᠡ ᠶᠢᠨ ᠴᠢᠬᠤᠯᠠ ᠦᠷ᠎ᠡ ᠪᠦᠲᠦᠮᠵᠢ ᠣᠯᠵᠤ᠂ ᠡᠨᠧᠷᠭᠢ ᠶᠢᠨ ᠪᠦᠲᠦᠴᠡ ᠶᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠠᠶᠢᠰᠢ ᠬᠤᠪᠢᠷᠠᠭᠤᠯᠬᠤ ᠶᠢ ᠲᠦᠷᠭᠡᠳᠬᠡᠬᠦ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠳᠦᠯᠥᠨ ᠳᠠᠭᠠᠭᠤᠯᠬᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠳᠤ ᠴᠥᠮ ᠴᠢᠬᠤᠯᠠ ᠦᠷᠳᠡᠭ ᠪᠠ ᠠᠴᠢ ᠬᠤᠯᠪᠣᠭᠳᠠᠯ ᠲᠠᠢ ᠶᠢ ᠬᠠᠷᠠᠭᠤᠯᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ