ᠪᠦᠬᠦ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠦ  ᠪᠤᠤ ᠰᠢᠶᠠᠨ ᠬᠤᠸᠠ  ᠵᠧᠩ ᠭᠤᠸᠠᠩ ᠵᠤᠤ ᠤᠷᠤᠯᠴᠠᠪᠠ
ᠨᠡᠶᠢᠲᠡᠯᠡᠭᠰᠡᠨ ᠴᠠᠭ᠄
2022/8/18

      8 ᠰᠠᠷ᠎ᠠ ᠶᠢᠨ 16᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠪᠦᠬᠦ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠲᠤᠬᠳᠠᠴᠠ ᠶᠢᠨ ᠵᠦᠪᠳᠡᠯᠴᠡᠬᠡᠨ ᠤ ᠬᠤᠷᠠᠯ ᠤᠨ ᠡᠬᠦᠷᠬᠡ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠵᠦ᠂ ᠤᠳᠤᠬᠠᠨ ᠤ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠪᠠ᠃
      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠰᠢᠶᠠᠨ ᠬᠤᠸᠠ ᠪᠦᠬᠦ ᠤᠯᠤᠰ ᠤᠨ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠵᠦ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠧᠩ ᠭᠤᠸᠠᠩ ᠵᠤᠤ ᠬᠤᠷᠠᠯ ᠳᠤ ᠤᠷᠤᠯᠴᠠᠵᠠᠢ᠃
      ᠬᠤᠸᠠᠩ ᡁᠢ ᠴᠢᠶᠠᠩ᠂ ᠤᠳᠤᠬᠠᠨ ᠤ ᠮᠠᠨ ᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠳᠠᠯ ᠮᠦᠨ ᠯᠡ ᠬᠦᠨᠳᠦ ᠰᠦᠷᠡᠬᠡᠢ ᠪᠤᠳᠤᠯᠢᠶᠠᠨᠳᠠᠢ ᠪᠠᠶᠢᠵᠤ᠂ ᠴᠠᠭ ᠮᠦᠴᠡ ᠲᠠᠢ ᠤᠷᠤᠯᠳᠤᠨ ᠡᠯ᠎ᠡ ᠵᠦᠢᠯ ᠤᠨ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠬᠠᠮᠤᠬ ᠤᠨ ᠤᠬᠤᠷᠬᠠᠨ ᠴᠠᠬ ᠤᠨ ᠲᠤᠳᠤᠷ᠎ᠠ ᠬᠢᠵᠢᠭ ᠤᠨ ᠪᠠᠶᠢᠳᠠᠯ ᠢ ᠲᠤᠶᠢᠯᠪᠤᠷᠢᠳᠠᠢ ᠡᠵᠡᠮᠳᠡᠬᠦ ᠪᠠᠷ ᠴᠢᠷᠮᠠᠶᠢᠬᠤ ᠬᠡᠷᠡᠭᠳᠡᠢ᠃ ᠡᠭᠦᠨ ᠤ ᠬᠠᠮᠳᠤ᠂ ︽ᠬᠢᠵᠢᠭ ᠤᠨ ᠪᠠᠶᠢᠳᠠᠯ ᠢ ᠰᠡᠷᠬᠡᠶᠢᠯᠡᠵᠦ ᠴᠢᠳᠠᠬᠤ᠂ ᠠᠵᠤ ᠠᠬᠤᠢ ᠶᠢ ᠲᠤᠬᠳᠠᠪᠤᠷᠢᠵᠢᠭᠤᠯᠬᠤ᠂ ᠬᠦᠭᠵᠢᠯᠳᠡ ᠶᠢ ᠳᠤᠬᠳᠠᠭᠤᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢ ᠠᠬᠢᠭᠤᠯᠬᠤ ᠶᠠᠪᠤᠳᠠᠯ ᠢ ᠦᠨᠳᠦᠷ ᠦᠷ᠎ᠡ ᠠᠰᠢᠬᠳᠠᠢ ᠪᠠᠷ ᠲᠦᠯᠦᠪᠵᠢᠬᠦᠯᠵᠦ᠂ ︽ᠲᠡᠬᠡᠷ᠎ᠡ ᠬᠠᠭᠠᠰ ᠵᠢᠯ ᠲᠤᠬᠳᠠᠭᠤᠨ︾ ᠪᠠᠶᠢᠬᠰᠠᠨ ᠰᠠᠭᠤᠷᠢᠨ ᠲᠡᠭᠡᠷ᠎ᠡ ︽ᠪᠦᠬᠦ ᠵᠢᠯ ᠢᠶᠠᠷ ᠢᠶᠠᠨ ᠲᠤᠬᠳᠠᠭᠤᠨ︾ ᠪᠠᠶᠢᠬᠤ ᠶᠢ ᠪᠡᠶᠡᠯᠡᠬᠦᠯᠬᠦ ᠶᠢ ᠪᠠᠳᠤᠯᠠᠬᠤ ᠬᠡᠷᠡᠭᠳᠡᠢ ᠬᠡᠵᠡᠢ᠃
      ᠬᠤᠷᠠᠯ ᠠᠴᠠ ᠬᠦᠬᠡᠬᠤᠳᠠ᠂ ᠤᠯᠠᠭᠠᠠᠴᠠᠪ ᠤᠨ ᠤᠶᠢᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠪᠤᠯᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠶᠡᠭᠡ ᠲᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠵᠦ ᠰᠡᠷᠬᠡᠶᠢᠯᠡᠵᠦ ᠡᠵᠡᠮᠳᠡᠭᠰᠡᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠦᠪᠡᠷᠳᠡᠬᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠬᠡᠯᠳᠡᠰ ᠤᠨ ᠡᠮᠴᠢᠯᠡᠬᠡᠨ ᠤ ᠰᠡᠷᠬᠡᠶᠢᠯᠡᠨ ᠡᠵᠡᠮᠳᠡᠬᠦ ᠲᠤᠭᠤᠶᠢᠯᠠᠩ ᠤᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ