ᠥᠪᠡᠷᠲᠡᠭᠡᠨ ᠵᠠᠰᠠᠬᠤ ᠣᠷᠣᠨ ᠦᠶᠡᠷ ᠤᠨ ᠬᠤᠭᠤᠴᠠᠭᠠᠨ ᠳᠤ ᠵᠠᠰᠠᠮᠠᠯ ᠵᠠᠮ ᠢ ᠵᠠᠪᠳᠤᠨ ᠵᠠᠰᠠᠵᠤ ᠰᠠᠭᠠᠳ ᠦᠭᠡᠢ ᠨᠡᠪᠲᠡᠷᠡᠭᠦᠯᠬᠦ ᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2022/8/18

      8 ᠳ᠋ᠤᠭᠠᠷ ᠰᠠᠷ᠎ᠠ ᠶᠢᠨ 13᠎ ᠤ ᠣᠷᠣᠢ ᠠᠴᠠ 14᠎ ᠤ ᠥᠷᠯᠥᠭᠡ ᠪᠣᠯᠲᠠᠯ᠎ᠠ᠂ ᠪᠤᠭᠤᠲᠤ ᠳᠤ ᠰᠢᠷᠦᠭᠦᠨ ᠪᠣᠷᠣᠭᠠᠨ ᠤ ᠣᠨᠴᠠᠭᠠᠢ ᠠᠭᠤᠷ ᠠᠮᠢᠰᠬᠤᠯ ᠢᠯᠡᠷᠡᠵᠦ᠂ ᠬᠦᠨᠳᠦ ᠨᠣᠴᠢᠲᠠᠢ ᠠᠭᠤᠯᠠᠨ ᠦᠶᠡᠷ ᠪᠣᠯᠣᠨ ᠰᠢᠪᠠᠷ ᠴᠢᠯᠠᠭᠤᠨ ᠤᠷᠤᠰᠬᠠᠯ ᠡᠭᠦᠰᠴᠦ᠂ ᠪᠡᠭᠡᠵᠢᠩ ᠠᠴᠠ ᠲᠥᠪᠡᠳ ᠬᠦᠷᠬᠦ G6 ᠥᠨᠳᠥᠷ ᠬᠤᠷᠳᠤᠴᠠᠲᠤ ᠵᠠᠰᠠᠮᠠᠯ ᠵᠠᠮ ᠤᠨ ᠨᠠ ᠲᠠᠢ ᠭᠧᠦ ᠳᠤᠮᠳᠠ ᠬᠥᠭᠦᠷᠭᠡ ᠶᠢᠨ ᠤᠷᠤᠭᠤᠳᠠᠬᠤ ᠴᠢᠭᠯᠡᠯ ᠤᠨ ᠬᠥᠭᠦᠷᠭᠡ ᠶᠢ ᠳᠠᠭᠠᠷᠢᠨ ᠨᠤᠷᠠᠭᠠᠪᠠ᠃ ᠭᠠᠮᠰᠢᠭ ᠡᠭᠦᠰᠬᠦ ᠠᠴᠠ ᠡᠮᠦᠨ᠎ᠡ᠂ ᠠᠷᠠᠴᠢᠯᠠᠨ ᠬᠠᠮᠠᠭᠠᠯᠠᠭᠴᠢ ᠲᠣᠭᠤᠷᠢᠨ ᠪᠠᠶᠢᠴᠠᠭᠠᠬᠤ ᠶᠠᠪᠤᠴᠠ ᠳᠤ ᠪᠠᠨ ᠪᠡᠭᠡᠵᠢᠩ ᠬᠦᠷᠬᠦ ᠴᠢᠭᠯᠡᠯ ᠤᠨ ᠲᠡᠭ ᠳ᠋ᠤᠭᠠᠷ ᠥᠷᠲᠡᠭᠡ ᠬᠡᠯᠪᠡᠶᠢᠭᠰᠡᠨ ᠪᠠᠶᠢᠳᠠᠯ ᠭᠠᠷᠤᠭᠰᠠᠨ ᠢ ᠣᠯᠵᠤ ᠮᠡᠳᠡᠭᠰᠡᠨ ᠤ ᠳᠠᠷᠠᠭ᠎ᠠ ᠴᠠᠭ ᠲᠤᠬᠠᠢ ᠳᠤ ᠨᠢ ᠳᠡᠭᠡᠭᠰᠢ ᠮᠡᠳᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠷᠡ ᠳᠠᠷᠤᠢ ᠳᠤ ᠨᠢ ᠲᠣᠰ ᠵᠠᠮ ᠤᠨ ᠬᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠤᠭᠰᠠᠨ ᠤ ᠬᠠᠮᠲᠤ ᠲᠦᠷ ᠴᠠᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠪᠡ᠃
      ᠬᠥᠭᠦᠷᠭᠡ ᠳᠠᠭᠠᠷᠢᠨ ᠨᠤᠷᠠᠭᠠᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠳᠠᠷᠤᠶᠢᠬᠠᠨ ᠬᠠᠮᠢᠶ᠎ᠠ ᠪᠦᠬᠦᠢ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠪᠠᠴᠢᠮ ᠲᠦᠷᠭᠡᠨ ᠰᠡᠯᠪᠢᠨ ᠵᠠᠰᠠᠬᠤ ᠠᠵᠢᠯ ᠢ ᠥᠷᠨᠢᠭᠦᠯᠪᠡ᠃ ᠣᠳᠣᠬᠠᠨ ᠳᠤ ᠪᠡᠭᠡᠵᠢᠩ ᠠᠴᠠ ᠲᠥᠪᠡᠳ ᠬᠦᠷᠬᠦ G6 ᠥᠨᠳᠥᠷ ᠬᠤᠷᠳᠤᠴᠠᠲᠤ ᠵᠠᠰᠠᠮᠠᠯ ᠵᠠᠮ ᠤᠨ K573+227 ᠬᠤᠶᠢᠲᠤ ᠵᠠᠬ᠎ᠠ ᠶᠢᠨ ᠵᠠᠮ ᠤᠨ ᠬᠡᠰᠡᠭ ᠲᠤ ᠵᠢᠵᠢᠭ ᠮᠠᠰᠢᠨ ᠲᠡᠷᠭᠡ ᠲᠠᠩ ᠴᠢᠭᠯᠡᠯ ᠢᠶᠠᠷ ᠵᠠᠮ ᠵᠢᠭᠡᠯᠡᠨ ᠬᠤᠶᠠᠷ ᠴᠢᠭᠯᠡᠯ ᠢᠶᠠᠷ ᠨᠡᠪᠲᠡᠷᠡᠬᠦ ᠶᠢ ᠪᠡᠶᠡᠯᠡᠭᠦᠯᠵᠦ᠂ ᠡᠮᠦᠨ᠎ᠡ ᠵᠠᠬ᠎ᠠ ᠶᠢᠨ ᠬᠥᠭᠦᠷᠭᠡ ᠶᠢᠨ ᠰᠠᠭᠤᠷᠢ ᠤᠰᠤᠨ ᠳᠤ ᠬᠦᠨᠳᠦ ᠨᠣᠴᠢᠲᠠᠢ ᠡᠪᠳᠡᠭᠳᠡᠵᠦ᠂ ᠬᠥᠭᠦᠷᠭᠡ ᠶᠢ ᠳᠠᠬᠢᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠴᠢᠬᠤᠯᠠᠲᠠᠢ ᠪᠠᠶᠢᠨ᠎ᠠ᠃
      ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠮᠠᠨ ᠤ ᠣᠷᠣᠨ ᠳᠤ ᠪᠣᠷᠣᠭᠠᠨ ᠠᠴᠠ ᠪᠣᠯᠵᠤ ᠭᠠᠮᠰᠢᠭᠳᠠᠭᠰᠠᠨ ᠵᠠᠮ ᠤᠨ ᠬᠡᠰᠡᠭ ᠨᠡᠶᠢᠲᠡ 1341 ᠬᠡᠰᠡᠭ ᠪᠠᠶᠢᠵᠤ᠂ ᠡᠭᠦᠨ ᠳᠤ ᠥᠨᠳᠥᠷ ᠬᠤᠷᠳᠤᠴᠠᠲᠤ ᠵᠠᠰᠠᠮᠠᠯ ᠵᠠᠮ 3 ᠬᠡᠰᠡᠭ᠂ ᠤᠯᠤᠰ ᠤᠨ ᠪᠠ ᠮᠤᠵᠢ ᠶᠢᠨ ᠡᠩ ᠤᠨ ᠭᠤᠣᠯ ᠱᠤᠭᠤᠮ 455 ᠬᠡᠰᠡᠭ᠂ ᠬᠥᠳᠡᠭᠡ ᠲᠣᠰᠬᠤᠨ ᠤ ᠵᠠᠰᠠᠮᠠᠯ ᠵᠠᠮ 883 ᠬᠡᠰᠡᠭ ᠪᠣᠶ᠃ ᠣᠳᠣᠬᠠᠨ ᠳᠤ ᠤᠯᠤᠰ ᠤᠨ ᠪᠠ ᠮᠤᠵᠢ ᠶᠢᠨ 4 ᠵᠤᠷᠪᠤᠰ ᠭᠤᠣᠯ ᠱᠤᠭᠤᠮ ᠢ ᠶᠠᠭ ᠵᠠᠪᠳᠤᠨ ᠵᠠᠰᠠᠵᠤ᠂ ᠪᠤᠰᠤᠳ ᠭᠠᠮᠰᠢᠭᠳᠠᠭᠰᠠᠨ ᠵᠠᠮ ᠤᠨ ᠬᠡᠰᠡᠭ ᠨᠢ ᠨᠢᠭᠡᠨᠲᠡ ᠬᠡᠪ ᠤᠨ ᠪᠠᠶᠢᠳᠠᠯ ᠢᠶᠠᠷ ᠨᠡᠪᠲᠡᠷᠡᠵᠦ ᠪᠠᠶᠢᠨ᠎ᠠ᠃
      ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠠ ᠦᠶᠡᠷ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ ᠪᠦᠬᠦ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠰᠠᠯᠠᠭ᠎ᠠ ᠮᠥᠴᠢᠷ ᠤᠳ ᠶᠠᠭ ᠵᠠᠰᠠᠮᠠᠯ ᠵᠠᠮ ᠤᠨ ᠴᠠᠭ ᠠᠭᠤᠷ ᠤᠨ ᠵᠢᠱᠢᠯᠲᠡ ᠪᠠ ᠰᠡᠷᠡᠮᠵᠢᠯᠡᠭᠦᠯᠦᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠵᠠᠰᠠᠮᠠᠯ ᠵᠠᠮ ᠤᠨ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠵᠠᠰᠠᠮᠠᠯ ᠵᠠᠮ ᠤᠨ ᠬᠥᠭᠦᠷᠭᠡ ᠭᠤᠯᠳᠤᠩ ᠤᠨ ᠪᠡᠯᠡᠳᠬᠡᠮᠵᠢ᠂ ᠤᠰᠤ ᠪᠠ ᠠᠰᠬ᠎ᠠ ᠬᠠᠳᠠ ᠲᠠᠢ ᠨᠢᠭᠤᠷᠯᠠᠭᠰᠠᠨ ᠵᠠᠮ ᠤᠨ ᠬᠡᠰᠡᠭ᠂ ᠵᠠᠯᠭᠠᠭ᠎ᠠ ᠪᠠᠷ ᠥᠭᠡᠳᠡ ᠮᠠᠴᠤᠬᠤ ᠪᠠ ᠤᠷᠤᠭᠤ ᠪᠠᠭᠤᠬᠤ᠂ ᠣᠭᠵᠣᠮ ᠮᠤᠷᠤᠶᠢᠬᠤ᠂ ᠵᠠᠮ ᠳᠠᠭᠠᠤ ᠶᠢᠨ ᠠᠮᠤᠷ ᠲᠦᠪᠰᠢᠨ ᠤ ᠪᠡᠯᠡᠳᠬᠡᠮᠵᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠪᠳᠤᠨ ᠵᠠᠰᠠᠬᠤ ᠶᠢᠨ ᠬᠠᠮᠲᠤ ᠵᠠᠰᠠᠮᠠᠯ ᠵᠠᠮ ᠤᠨ ᠦᠶᠡᠷ ᠢ ᠰᠡᠷᠭᠡᠶᠢᠯᠡᠬᠦ ᠡᠳ᠋ ᠪᠠᠷᠠᠭ᠎ᠠ ᠶᠢ ᠭᠦᠢᠴᠡᠳ ᠨᠥᠭᠡᠴᠡᠯᠡᠵᠦ᠂ ᠵᠠᠰᠠᠮᠠᠯ ᠵᠠᠮ ᠤᠨ ᠭᠠᠮᠰᠢᠭ ᠲᠤ ᠳᠠᠭᠠᠷᠢᠭᠳᠠᠭᠰᠠᠨ ᠬᠤᠶᠢᠨ᠎ᠠ ᠳᠠᠷᠤᠶᠢᠬᠠᠨ ᠮᠠᠰᠢᠨ ᠲᠥᠬᠦᠭᠡᠷᠦᠮᠵᠢ᠂ ᠠᠵᠢᠯᠲᠠᠨ ᠢ ᠵᠣᠬᠢᠶᠠᠨ ᠪᠠᠶᠢᠭᠤᠯᠤᠨ ᠵᠠᠪᠳᠤᠨ ᠵᠠᠰᠠᠵᠤ ᠵᠠᠪᠳᠤᠨ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠠᠮᠤᠷ ᠲᠣᠭᠲᠠᠭᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ