ᠥᠪᠡᠷᠲᠡᠭᠡᠨ ᠵᠠᠰᠠᠬᠤ ᠣᠷᠣᠨ ᠤ ᠳᠣᠣᠷ᠎ᠠ ᠹᠯᠣᠷᠲᠤ ᠬᠡᠪ ᠤᠨ ᠴᠠᠢ ᠶᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠬᠡᠪ ᠤᠨ ᠴᠠᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2022/8/18

      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠪᠠ ᠹᠯᠣᠷ ᠪᠠᠭᠠᠲᠠᠢ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠢᠯᠡᠳᠲᠡ ᠦᠷ᠎ᠡ ᠪᠦᠲᠦᠮᠵᠢ ᠣᠯᠪᠠ᠃ ᠪᠥᠬᠦ ᠣᠷᠣᠨ ᠤ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠯᠲᠠ ᠳᠠᠬᠢ ᠬᠡᠪ ᠤᠨ ᠴᠠᠢ ᠢᠳᠡᠭᠡᠨ ᠤ ᠲᠥᠷᠥᠯ ᠤᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠨᠣᠷᠮ᠎ᠠ ᠶᠢ ᠵᠢᠯ ᠳᠠᠷᠠᠭᠠᠯᠠᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠮᠠᠨ ᠤ ᠣᠷᠣᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ᠴᠠᠢ ᠠᠴᠠ ᠪᠣᠯᠣᠭᠰᠠᠨ ᠣᠷᠣᠨ ᠨᠤᠲᠤᠭ ᠤᠨ ᠹᠯᠣᠷ ᠤᠨ ᠡᠪᠡᠳᠴᠢᠨ ᠤ ᠠᠰᠠᠭᠤᠳᠠᠯ ᠢ ᠦᠨᠳᠦᠰᠦᠨ ᠠᠴᠠ ᠨᠢ ᠨᠠᠮᠳᠠᠭᠠᠪᠠ᠃

      ᠨᠢᠭᠡ ᠳᠤ᠂ ᠪᠣᠷᠤᠯᠠᠭᠤᠯᠭ᠎ᠠ ᠶᠢᠨ ᠭᠠᠵᠠᠷ ᠤᠳ ᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠪᠠ᠃ ᠳᠣᠣᠷ᠎ᠠ ᠹᠯᠣᠷᠲᠤ ᠬᠡᠪ ᠤᠨ ᠴᠠᠢ ᠶᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠤᠭ᠎ᠠ ᠵᠡᠷᠭᠡ ᠳᠤ ᠨᠢ ᠲᠣᠬᠢᠷᠠᠭᠤᠯᠤᠨ ᠪᠠᠶᠢᠷᠢᠯᠠᠭᠤᠯᠵᠤ᠂ ᠳᠣᠣᠷ᠎ᠠ ᠹᠯᠣᠷᠲᠤ ᠬᠡᠪ ᠤᠨ ᠴᠠᠢ ᠶᠢᠨ ᠲᠣᠭᠲᠠᠭᠰᠠᠨ ᠪᠣᠷᠤᠯᠠᠭᠤᠯᠭ᠎ᠠ ᠶᠢᠨ ᠴᠡᠭ ᠤᠨ ᠲᠤᠭ᠎ᠠ᠂ ᠪᠦᠷᠬᠦᠴᠡ ᠶᠢᠨ ᠬᠡᠪᠴᠢᠶ᠎ᠡ ᠵᠢᠴᠢ ᠬᠢᠯᠢ ᠳᠠᠭᠠᠤ ᠪᠣᠷᠣᠯᠠᠭᠤᠯᠬᠤ ᠳᠣᠣᠷ᠎ᠠ ᠹᠯᠣᠷᠲᠤ ᠴᠠᠢ ᠶᠢᠨ ᠨᠥᠭᠡᠴᠡ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠳᠣᠣᠷ᠎ᠠ ᠹᠯᠣᠷᠲᠤ ᠬᠡᠪ ᠤᠨ ᠴᠠᠢ ᠶᠢᠨ ᠭᠦᠢᠴᠡᠳ ᠬᠠᠩᠭᠠᠯᠭ᠎ᠠ ᠶᠢ ᠡᠬᠢ ᠡᠭᠦᠰᠦᠯ ᠠᠴᠠ ᠨᠢ ᠪᠠᠲᠤᠯᠠᠪᠠ᠃ ᠣᠳᠣᠬᠠᠨ ᠳᠤ ᠪᠥᠬᠦ ᠣᠷᠣᠨ ᠳᠤ ᠳᠣᠣᠷ᠎ᠠ ᠹᠯᠣᠷᠲᠤ ᠬᠡᠪ ᠤᠨ ᠴᠠᠢ ᠶᠢᠨ ᠴᠡᠭ ᠲᠣᠭᠲᠠᠭᠠᠨ ᠪᠣᠷᠣᠯᠠᠭᠤᠯᠬᠤ ᠭᠠᠵᠠᠷ ᠢ 685 ᠪᠠᠶᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠴᠤᠭᠯᠠᠷᠠᠨ ᠰᠠᠭᠤᠭᠰᠠᠨ ᠣᠷᠣᠨ ᠪᠠ ᠴᠠᠢ ᠠᠴᠠ ᠪᠣᠯᠣᠭᠰᠠᠨ ᠣᠷᠣᠨ ᠨᠤᠲᠤᠭ ᠤᠨ ᠹᠯᠣᠷ ᠤᠨ ᠡᠪᠡᠳᠴᠢᠨ ᠤ ᠣᠷᠣᠨ᠂ ᠮᠠᠯᠵᠢᠬᠤ ᠲᠠᠷᠢᠶᠠᠯᠠᠬᠤ ᠣᠷᠣᠨ ᠵᠡᠷᠭᠡ ᠭᠠᠵᠠᠷ ᠣᠷᠣᠨ ᠢ ᠬᠠᠮᠤᠷᠤᠭᠤᠯᠤᠭᠰᠠᠨ ᠪᠥᠭᠡᠳ ᠡᠭᠦᠨ ᠳᠤ ᠴᠠᠢ ᠠᠴᠠ ᠪᠣᠯᠣᠭᠰᠠᠨ ᠹᠯᠣᠷ ᠤᠨ ᠬᠤᠣᠷᠳᠠᠯᠭ᠎ᠠ ᠶᠢᠨ ᠡᠪᠡᠳᠴᠢᠨ ᠤ ᠣᠷᠣᠨ ᠳᠤ ᠴᠡᠭ ᠲᠣᠭᠲᠠᠭᠠᠨ ᠡᠵᠡᠩᠨᠡᠬᠦ ᠨᠢᠭᠡᠴᠢ ᠶᠢ 34 ᠪᠠᠶᠢᠭᠤᠯᠪᠠ᠃

      ᠬᠤᠶᠠᠷ ᠲᠤ᠂ ᠲᠤᠰᠬᠠᠢ ᠴᠡᠭᠴᠡᠯᠡᠯᠲᠡ ᠶᠢ ᠴᠢᠩᠭᠠᠳᠬᠠᠵᠤ᠂ ᠬᠡᠪ ᠤᠨ ᠴᠠᠢ ᠶᠢᠨ ᠶᠠᠰᠤ ᠴᠢᠨᠠᠷ ᠢ ᠳᠡᠭᠡᠭᠰᠢᠯᠡᠭᠦᠯᠪᠡ᠃ ᠬᠡᠪ ᠤᠨ ᠴᠠᠢ ᠶᠢᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠯᠲᠡ ᠶᠢᠨ ᠠᠵᠢᠯ ᠢ ᠵᠢᠯ ᠪᠦᠷᠢ ᠲᠣᠬᠢᠷᠠᠭᠤᠯᠤᠨ ᠪᠠᠶᠢᠷᠢᠯᠠᠭᠤᠯᠵᠤ᠂ ᠬᠡᠪ ᠤᠨ ᠴᠠᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠵᠡᠷᠭᠡ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠯᠢ ᠳᠠᠭᠠᠤ ᠴᠠᠢ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠢᠯᠢ ᠳᠠᠭᠠᠤ ᠪᠣᠷᠣᠯᠠᠭᠤᠯᠬᠤ ᠴᠠᠢ ᠶᠢᠨ ᠹᠯᠣᠷ᠂ ᠲᠤᠭᠤᠯᠭ᠎ᠠ᠂ ᠲᠠᠷᠢᠶᠠᠨ ᠡᠮ ᠤᠨ ᠦᠯᠡᠳᠡᠭᠳᠡᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠ ᠲᠦᠭᠰᠢᠭᠦᠷᠢ ᠶᠢ ᠬᠢᠨᠠᠨ ᠰᠢᠨᠵᠢᠯᠡᠬᠦ ᠡᠷᠴᠢᠮ ᠢ ᠴᠢᠩᠭᠠᠷᠠᠭᠤᠯᠪᠠ᠃ 2018 ᠣᠨ ᠠᠴᠠ ᠨᠠᠭᠠᠰᠢ ᠪᠥᠬᠦ ᠣᠷᠣᠨ ᠳᠤ ᠬᠠᠷ᠎ᠠ ᠴᠠᠢ᠂ ᠨᠠᠷᠠᠰᠤᠨ ᠮᠣᠳᠣᠨ ᠤ ᠴᠠᠢ᠂ ᠬᠡᠪ ᠤᠨ ᠴᠠᠢ ᠵᠡᠷᠭᠡ ᠳᠤ 2252 ᠪᠦᠯᠦᠭ ᠤᠳᠠᠭ᠎ᠠ ᠰᠤᠭᠤᠴᠢᠨ ᠪᠠᠶᠢᠴᠠᠭᠠᠯᠲᠠ ᠬᠢᠵᠦ᠂ 2022 ᠣᠨ ᠳᠤ 104 ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠯᠲᠠ ᠬᠢᠬᠦ ᠪᠠᠷ ᠲᠥᠯᠥᠪᠯᠡᠵᠦ ᠪᠣᠶ᠃ ᠡᠭᠦᠨ ᠤ ᠬᠠᠮᠲᠤ᠂ ᠬᠡᠪ ᠤᠨ ᠴᠠᠢ ᠶᠢ ᠰᠤᠭᠤᠴᠢᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠬᠡᠪ ᠤᠨ ᠴᠠᠢ ᠶᠢᠨ ᠰᠡᠭᠦᠯᠴᠢ ᠶᠢᠨ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠣᠳᠣ ᠪᠣᠯᠲᠠᠯ᠎ᠠ ᠲᠣᠰ ᠵᠢᠯ ᠤᠨ ᠬᠡᠪ ᠤᠨ ᠴᠠᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠲᠤᠰᠬᠠᠢ ᠴᠡᠭᠴᠡᠯᠡᠯᠲᠡ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 8171 ᠬᠥᠮᠥᠨ ᠤᠳᠠᠭ᠎ᠠ ᠳᠠᠶᠢᠴᠢᠯᠠᠵᠤ᠂ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠡᠵᠡᠩᠨᠡᠭᠴᠢ ᠶᠢ 4729 ᠡᠷᠦᠬᠡ ᠤᠳᠠᠭ᠎ᠠ ᠪᠠᠶᠢᠴᠠᠭᠠᠵᠤ᠂ ᠳᠣᠣᠷ᠎ᠠ ᠹᠯᠣᠷᠲᠤ ᠬᠡᠪ ᠤᠨ ᠴᠠᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ 153 ᠤᠳᠠᠭ᠎ᠠ ᠥᠷᠨᠢᠭᠦᠯᠵᠦ᠂ ᠬᠡᠪ ᠤᠨ ᠴᠠᠢ ᠶᠢᠨ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ 12 ᠬᠡᠷᠡᠭ ᠢ ᠬᠡᠷᠡᠭ ᠪᠣᠯᠭᠠᠨ ᠳᠠᠩᠰᠠᠯᠠᠭᠰᠠᠨ ᠪᠠ ᠪᠠᠶᠢᠴᠠᠭᠠᠨ ᠰᠢᠢᠳᠪᠦᠷᠢᠯᠡᠵᠦ᠂ 25 ᠤᠳᠠᠭ᠎ᠠ ᠪᠣᠯᠵᠣᠨ ᠶᠠᠷᠢᠯᠴᠠᠪᠠ᠃

      ᠭᠤᠷᠪᠠ ᠳᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠳᠬᠡᠵᠦ᠂ ᠬᠡᠷᠡᠭᠯᠡᠭᠡᠨ ᠤ ᠣᠶᠢᠯᠠᠭᠠᠭᠳᠠᠬᠤᠨ ᠢ ᠬᠥᠲᠥᠯᠥᠨ ᠵᠢᠯᠣᠭᠤᠳᠪᠠ᠃ ︽ᠳᠣᠣᠷ᠎ᠠ ᠹᠯᠣᠷᠲᠤ ᠬᠡᠪ ᠤᠨ ᠴᠠᠢ ᠶᠢ ᠳᠡᠯᠭᠡᠷᠡᠭᠦᠯᠦᠨ ᠲᠦᠭᠡᠮᠡᠯᠵᠢᠭᠦᠯᠬᠦ ᠤᠬᠠᠭᠤᠯᠭ᠎ᠠ ᠶᠢᠨ ᠵᠠᠷ︾ ︽ᠰᠢᠨᠵᠢᠯᠡᠬᠦ ᠤᠬᠠᠭᠠᠨᠴᠢ ᠪᠠᠷ ᠬᠡᠪ ᠤᠨ ᠴᠠᠢ ᠤᠤᠭᠤᠬᠤ︾ ᠤᠬᠠᠭᠤᠯᠭ᠎ᠠ ᠶᠢᠨ ᠬᠠᠭᠤᠳᠠᠰᠤ ᠶᠢ ᠲᠤᠰ ᠪᠦᠷᠢ 6 ᠲᠦᠮᠡᠨ ᠬᠤᠪᠢ ᠳᠠᠷᠤᠮᠠᠯᠯᠠᠨ ᠲᠠᠷᠬᠠᠭᠠᠵᠤ᠂ ︽ᠠᠮᠤᠷ ᠲᠠᠶᠢᠪᠤᠩ ᠴᠠᠭ ᠮᠥᠴᠡ ᠶᠢᠨ ᠬᠤᠶᠠᠳᠤᠭᠠᠷ ᠤᠯᠠᠷᠢᠯ — ᠰᠢᠨᠵᠢᠯᠡᠬᠦ ᠤᠬᠠᠭᠠᠨᠴᠢ ᠪᠠᠷ ᠬᠡᠪ ᠤᠨ ᠴᠠᠢ ᠤᠤᠭᠤᠬᠤ︾ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠭᠰᠡᠨ ᠸᠢᠳᠢᠣ᠋ ᠦᠢᠯᠡᠳᠴᠦ᠂ ᠬᠤᠶᠠᠷ ᠪᠢᠴᠢᠯ ᠪᠦᠷᠭᠡ ᠨᠢᠭᠡ ᠦᠵᠦᠭᠦᠷ ᠪᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠵᠢᠴᠢ ᠪᠥᠬᠦ ᠣᠷᠣᠨ ᠤ ᠬᠡᠪᠴᠢᠶᠡᠨ ᠳᠤ ᠬᠡᠪ ᠤᠨ ᠴᠠᠢ ᠶᠢᠨ ᠪᠣᠷᠤᠯᠠᠭᠤᠯᠭ᠎ᠠ ᠶᠢᠨ ᠲᠠᠯᠠᠪᠤᠷ ᠲᠤ ᠡᠷᠭᠢᠯᠳᠦᠭᠦᠯᠦᠨ ᠨᠠᠪᠲᠠᠷᠡᠭᠦᠯᠵᠦ᠂ ᠡᠷᠡᠭᠦᠯ ᠢᠶᠠᠷ ᠴᠠᠢ ᠤᠤᠭᠤᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠨ᠂ ᠠᠷᠠᠳ ᠣᠯᠠᠨ ᠢ ᠳᠠᠭᠠᠭᠤᠯᠤᠨ ᠡᠷᠡᠭᠦᠯ ᠢᠶᠠᠷ ᠴᠠᠢ ᠤᠤᠭᠤᠬᠤ ᠳᠠᠳᠬᠠᠯ ᠲᠠᠢ ᠪᠣᠯᠭᠠᠵᠤ᠂ ᠠᠷᠠᠳ ᠣᠯᠠᠨ ᠤ ᠠᠮᠤᠷ ᠲᠦᠪᠰᠢᠨ ᠬᠡᠷᠡᠭᠯᠡᠭᠡ ᠶᠢᠨ ᠦᠵᠡᠯ ᠤᠬᠠᠮᠰᠠᠷ ᠪᠠ ᠬᠠᠭᠤᠷᠮᠠᠭ ᠮᠠᠭᠤ ᠪᠦᠲᠦᠭᠡᠭᠳᠡᠬᠦᠨ ᠢ ᠢᠯᠭᠠᠨ ᠲᠠᠨᠢᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ