ᠥᠪᠥᠷ ᠮᠣᠩᠭᠤᠯ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠡᠬᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 67.94 ᠲᠦᠮᠡᠨ ᠮᠦ ᠭᠠᠵᠠᠷ ᠰᠢᠷᠤᠢ ᠶᠢ ᠠᠮᠢᠯᠠᠭᠤᠯᠬᠤ ᠪᠠᠷ ᠴᠢᠷᠮᠠᠶᠢᠵᠤ ᠪᠤᠢ
ᠨᠡᠶᠢᠲᠡᠯᠡᠭᠰᠡᠨ ᠴᠠᠭ᠄
2022/8/18

      ︽ᠥᠪᠡᠷᠲᠡᠭᠡᠨ ᠵᠠᠰᠠᠬᠤ ᠣᠷᠣᠨ ᠠᠴᠠ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢᠨ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠨᠢ ᠨᠦᠭᠡᠴᠡ ᠶᠢ ᠤᠯᠠᠮ ᠨᠢᠭᠡ ᠠᠯᠬᠤᠮ ᠠᠮᠢᠯᠠᠭᠤᠯᠵᠤ᠂ ᠳᠣᠲᠣᠭᠠᠳᠤ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠤᠨ᠂ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠠᠵᠢᠯᠯᠠᠭ᠎ᠠ ᠶᠢ ᠵᠢᠷᠤᠮᠵᠢᠭᠤᠯᠵᠤ᠂ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠵᠠᠮ ᠪᠣᠯᠬᠤ ᠪᠥᠭᠡᠳ ᠪᠠᠰᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ︾᠃ 8 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠦᠷᠢᠲᠠᠢ ᠰᠢᠢᠳᠪᠦᠷᠢᠯᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠪᠠ᠃
      ᠣᠶᠢᠯᠠᠭᠠᠭᠰᠠᠨ ᠢᠶᠠᠷ᠂ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠦᠭᠡᠴᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠡᠭᠦᠨ ᠢ ᠠᠮᠢᠯᠠᠭᠤᠯᠤᠨ ᠠᠰᠢᠭᠯᠠᠬᠤ ᠨᠢ ᠭᠠᠵᠠᠷ ᠰᠢᠷᠣᠢ ᠶᠢᠨ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠪᠠ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠠᠵᠠᠷ ᠰᠢᠷᠣᠢ ᠳᠠᠬᠢ ᠬᠡᠷᠡᠭᠴᠡᠭᠡ ᠱᠠᠭᠠᠷᠳᠠᠯᠭ᠎ᠠ ᠶᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠭᠠᠵᠠᠷ ᠰᠢᠷᠣᠢ ᠶᠢᠨ ︽ᠵᠥᠪᠰᠢᠶᠡᠷᠡᠬᠦ᠂ ᠬᠠᠩᠭᠠᠬᠤ᠂ ᠬᠡᠷᠡᠭᠯᠡᠬᠦ︾ ᠲᠤᠭ᠎ᠠ ᠬᠡᠮᠵᠢᠶᠡᠨ ᠤ ᠲᠠᠯ᠎ᠠ ᠪᠠᠷ ᠲᠡᠩᠴᠡᠭᠦᠷᠢ ᠦᠭᠡᠢ ᠦᠵᠡᠭᠳᠡᠯ ᠭᠠᠷᠴᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠳᠦᠷᠢᠮ ᠤᠨ ᠬᠡᠷᠡᠭᠵᠢᠭᠦᠯᠦᠯᠲᠡ ᠶᠢ ᠬᠦᠨᠳᠦ ᠨᠣᠴᠢᠲᠠᠢ ᠬᠢᠵᠠᠭᠠᠷᠯᠠᠵᠤ᠂ ᠵᠥᠪᠰᠢᠶᠡᠷᠡᠭᠰᠡᠨ ᠪᠠᠶᠢᠲᠠᠯ᠎ᠠ ᠥᠯᠥ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠨᠢ ᠲᠤᠯᠭᠠᠮ᠎ᠠ ᠱᠠᠭᠠᠷᠳᠠᠭᠳᠠᠵᠤ ᠪᠠᠶᠢᠨ᠎ᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠠᠮᠢᠯᠠᠭᠤᠯᠤᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠲᠦᠢᠯᠪᠦᠷᠢᠲᠠᠢ ᠰᠢᠢᠳᠪᠦᠷᠢᠯᠡᠵᠦ ᠡᠵᠡᠮᠰᠢᠨ ᠲᠣᠬᠢᠷᠠᠭᠤᠯᠬᠤ ᠬᠡᠷᠡᠭᠵᠢᠭᠦᠯᠦᠯᠲᠡ ᠶᠢᠨ ᠲᠥᠰᠥᠯ︾ ᠢ ᠳᠠᠷᠤᠮᠠᠯᠯᠠᠨ ᠲᠠᠷᠬᠠᠭᠠᠪᠠ᠃ ︽ᠲᠥᠰᠥᠯ︾ ᠢ ᠦᠨᠳᠦᠰᠦᠯᠡᠪᠡᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ 67.94 ᠲᠦᠮᠡᠨ ᠮᠦ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠠᠮᠢᠯᠠᠭᠤᠯᠬᠤ ᠪᠠᠷ ᠴᠢᠷᠮᠠᠶᠢᠵᠤ᠂ ᠡᠭᠦᠨ ᠳᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ 52.02 ᠲᠦᠮᠡᠨ ᠮᠦ ᠭᠠᠵᠠᠷ ᠰᠢᠷᠤᠢ᠂ ᠰᠤᠯᠠ ᠲᠠᠯᠪᠢᠭᠳᠠᠵᠤ ᠪᠠᠶᠢᠭ᠎ᠠ 15.92 ᠲᠦᠮᠡᠨ ᠮᠦ ᠭᠠᠵᠠᠷ ᠰᠢᠷᠤᠢ ᠶᠢ ᠠᠮᠢᠯᠠᠭᠤᠯᠬᠤ ᠪᠠᠷ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠡᠵᠡᠮᠰᠢᠨ ᠲᠣᠬᠢᠷᠠᠭᠤᠯᠵᠤ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠨᠡᠭᠡᠭᠡᠨ ᠠᠰᠢᠭᠯᠠᠬᠤ ᠪᠠ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃
      ᠠᠵᠢᠯ ᠢ ᠠᠬᠢᠭᠤᠯᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠡᠵᠡᠮᠰᠢᠨ ᠲᠣᠬᠢᠷᠠᠭᠤᠯᠤᠭᠰᠠᠨ ᠦᠷ᠎ᠡ ᠳ᠋ᠦᠩ ᠢ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠥᠯᠥᠪᠯᠡᠭᠡ ᠶᠢᠨ ᠭᠦᠢᠴᠡᠳᠬᠡᠬᠦ ᠲᠤᠭ᠎ᠠ ᠲᠠᠢ ᠴᠠᠭ ᠲᠤᠬᠠᠢ ᠳᠤ ᠨᠢ ᠬᠤᠯᠪᠣᠭᠳᠠᠭᠤᠯᠵᠤ᠂ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠦᠭᠰᠡᠨ ᠠᠶᠢᠮᠠᠭ ᠬᠤᠲᠠ ᠶᠢ ᠳᠠᠷᠠᠭ᠎ᠠ ᠨᠢᠭᠡ ᠵᠢᠯ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠪᠠᠷ ᠱᠠᠩᠨᠠᠨ᠂ ᠡᠭᠦᠷᠭᠡ ᠪᠠᠨ ᠪᠡᠶᠡᠯᠡᠭᠦᠯᠦᠭᠡᠳᠦᠢ ᠠᠶᠢᠮᠠᠭ ᠬᠤᠲᠠ ᠶᠢᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠨᠢ ᠬᠠᠷᠭᠤᠭᠤᠯᠤᠨ ᠬᠠᠰᠤᠵᠤ᠂ ᠴᠢᠬᠤᠯᠠ ᠲᠠᠢ ᠦᠶ᠎ᠡ ᠳᠤ ᠵᠦᠪᠰᠢᠶᠡᠷᠡᠯ ᠢ ᠬᠢᠵᠠᠭᠠᠷᠯᠠᠬᠤ ᠠᠷᠭ᠎ᠠ ᠪᠠᠷᠢᠯ ᠢ ᠠᠪᠴᠤ᠂ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠪᠦᠲᠦᠮᠵᠢᠲᠡᠶ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ ᠪᠠᠲᠤᠯᠠᠬᠤ ᠪᠣᠯᠤᠨ᠎ᠠ᠃
      ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠭᠤᠣᠯ ᠠᠷᠭ᠎ᠠ ᠬᠡᠮᠵᠢᠶ᠎ᠡ ᠪᠣᠯ᠄
      ᠰᠢᠰᠲ᠋ᠧᠮᠵᠢᠭᠦᠯᠦᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠠᠰᠢᠭᠯᠠᠨ᠂ ᠪᠥᠬᠦ ᠣᠷᠣᠨ ᠤ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢᠨ ᠣᠷᠣᠨ ᠪᠠᠶᠢᠷᠢ᠂ ᠲᠠᠯᠠᠪᠠᠶ᠂ ᠡᠷᠬᠡ ᠶᠢᠨ ᠬᠠᠷᠢᠶᠠᠯᠠᠯ᠂ ᠲᠥᠯᠦᠪᠵᠢᠭᠦᠯᠭᠡ ᠶᠢᠨ ᠬᠡᠷᠡᠭᠴᠡᠭᠡ ᠵᠡᠷᠭᠡ ᠪᠠᠶᠢᠳᠠᠯ ᠢ ᠡᠬᠢ ᠳᠠᠷᠠᠭᠠᠯᠠᠨ ᠬᠥᠮᠥᠷᠭᠡ ᠳᠤ ᠣᠷᠣᠭᠤᠯᠵᠤ᠂ ᠲᠥᠷᠥᠯ ᠵᠦᠢᠯ ᠤᠨ ᠨᠠᠷᠢᠨ ᠳᠠᠩᠰᠠ ᠶᠢ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢᠨ ᠨᠥᠭᠡᠴᠡᠯᠡᠬᠦ ᠲᠠᠪᠴᠠᠩ ᠳᠤ ᠣᠷᠣᠭᠤᠯᠤᠨ᠂ ᠲᠥᠷᠥᠯ ᠵᠦᠢᠯ ᠤᠨ ᠪᠠᠶᠢᠳᠠᠯ ᠤᠨ ᠬᠤᠪᠢᠷᠠᠯᠲᠠ ᠶᠢ ᠪᠥᠬᠦ ᠶᠠᠪᠤᠴᠠ ᠳᠤ ᠮᠥᠷᠳᠡᠵᠦ ᠬᠥᠳᠡᠯᠦᠩᠭᠦᠢ ᠪᠠᠷ ᠰᠢᠨᠡᠳᠬᠡᠬᠦ ᠶᠢᠨ ᠳᠠᠭᠠᠤ᠂ ᠠᠶᠢᠮᠠᠭ ᠬᠤᠲᠠ᠂ ᠬᠤᠰᠢᠭᠤ ᠰᠢᠶᠠᠨ ᠯᠤᠭ᠎ᠠ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠦᠨ᠎ᠡ᠃
      ᠲᠦᠷᠦ ᠶᠢᠨ ᠪᠣᠳᠣᠯᠭ᠎ᠠ ᠶᠢ ᠣᠨᠣᠴᠠᠲᠠᠢ ᠬᠡᠷᠡᠭᠵᠢᠭᠦᠯᠦᠨ᠎ᠡ᠃ ᠵᠥᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ ᠭᠠᠵᠠᠷ ᠰᠢᠷᠣᠢ ᠶᠢ ︽ᠬᠠᠩᠭᠠᠬᠤ ᠪᠠᠷ ᠭᠤᠣᠯ ᠪᠣᠯᠭᠠᠵᠤ᠂ ᠬᠠᠩᠭᠠᠬᠤ ᠪᠠ ᠬᠦᠴᠦᠨ ᠦᠭᠡᠢ ᠪᠣᠯᠭᠠᠬᠤ ᠶᠢ ᠤᠶᠠᠯᠳᠤᠭᠤᠯᠬᠤ︾ ᠵᠠᠷᠴᠢᠮ ᠶᠣᠰᠣᠭᠠᠷ᠂ 3 ᠲᠥᠷᠥᠯ ᠤᠨ ᠠᠷᠭ᠎ᠠ ᠬᠡᠮᠵᠢᠶ᠎ᠡ 7 ᠵᠦᠢᠯ ᠤᠨ ᠪᠠᠶᠢᠳᠠᠯ ᠢᠶᠠᠷ ᠰᠢᠢᠳᠪᠦᠷᠢᠯᠡᠨ᠎ᠡ᠂ 3 ᠲᠥᠷᠥᠯ ᠤᠨ ᠪᠤᠲᠠᠲᠠᠢ ᠠᠷᠭ᠎ᠠ ᠬᠡᠮᠵᠢᠶ᠎ᠡ ᠨᠢ ᠭᠠᠵᠠᠷ ᠰᠢᠷᠣᠢ ᠶᠢᠨ ᠬᠠᠩᠭᠠᠯᠭ᠎ᠠ ᠶᠢ ᠲᠦᠷᠭᠡᠳᠬᠡᠬᠦ᠂ ᠭᠠᠵᠠᠷ ᠰᠢᠷᠣᠢ ᠬᠠᠩᠭᠠᠬᠤ ᠭᠠᠷᠳᠠᠮ ᠢ ᠪᠦᠷᠢᠨᠰᠢᠭᠦᠯᠬᠦ᠂ ᠵᠥᠪᠰᠢᠶᠡᠷᠡᠯ ᠤᠨ ᠪᠢᠴᠢᠭ ᠢ ᠬᠠᠷᠭᠤᠭᠤᠯᠬᠤ ᠦᠭᠡᠶᠢᠰᠬᠡᠬᠦ ᠪᠣᠯᠤᠨ᠎ᠠ᠃ 7 ᠵᠦᠢᠯ ᠤᠨ ᠪᠠᠶᠢᠳᠠᠯ ᠭᠡᠪᠡᠯ᠂ ᠬᠡᠷᠡᠭᠵᠢᠭᠦᠯᠬᠦ ᠲᠥᠰᠥᠯ ᠨᠠᠶᠢᠷᠠᠭᠤᠯᠤᠨ ᠵᠣᠬᠢᠶᠠᠭᠰᠠᠨ ᠦᠭᠡᠢ ᠮᠥᠷᠲᠡᠭᠡᠨ ᠳᠠᠭᠢᠵᠤ ᠬᠡᠷᠡᠭᠯᠡᠬᠦ ᠦᠭᠡᠢ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠᠨ ᠪᠡᠶᠡᠯᠡᠭᠦᠯᠦᠭᠰᠡᠨ ᠦᠭᠡᠢ᠂ ᠵᠢᠱᠢᠭᠰᠡᠨ ᠬᠡᠷᠡᠭᠯᠡᠬᠦ ᠭᠠᠵᠠᠷ ᠤᠨ ᠲᠦᠷᠦᠯ ᠵᠦᠢᠯ ᠨᠢ ᠬᠤᠪᠢᠷᠠᠭᠰᠠᠨ ᠪᠤᠶᠤ ᠭᠠᠵᠠᠷ ᠬᠡᠷᠡᠭᠯᠡᠬᠦ ᠰᠠᠨᠠᠭ᠎ᠠ ᠲᠠᠢ ᠬᠦᠮᠦᠨ ᠲᠤᠲᠠᠭᠳᠠᠬᠤ᠂ ᠲᠦᠯᠦᠪᠵᠢᠭᠦᠯᠭᠡ ᠶᠢ ᠲᠣᠬᠢᠷᠠᠭᠤᠯᠬᠤ᠂ ᠬᠠᠩᠭᠠᠭᠰᠠᠨ ᠦᠭᠡᠢ ᠪᠠᠶᠢᠲᠠᠯ᠎ᠠ ᠬᠡᠷᠡᠭᠯᠡᠬᠦ᠂ ᠥᠨᠴᠥᠭ ᠪᠤᠯᠤᠩ ᠭᠠᠵᠠᠷ᠂ ᠭᠠᠵᠠᠷ ᠬᠠᠩᠭᠠᠬᠤ ᠶᠠᠪᠤᠴᠠ ᠶᠢ ᠶᠠᠭ ᠭᠦᠢᠴᠡᠳᠬᠡᠵᠦ ᠪᠠᠶᠢᠭ᠎ᠠ ᠪᠠᠶᠢᠳᠠᠯ ᠪᠣᠯᠤᠨ᠎ᠠ᠃ ᠣᠳᠣᠬᠠᠨ ᠳᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ︽ᠬᠡᠷᠡᠭᠯᠡᠬᠦ ᠶᠢ ᠲᠡᠷᠢᠭᠦᠨ ᠳᠤ ᠲᠠᠯᠪᠢᠬᠤ︾ ᠵᠠᠷᠴᠢᠮ ᠶᠣᠰᠣᠭᠠᠷ᠂ 3 ᠲᠥᠷᠥᠯ ᠤᠨ ᠰᠢᠯᠲᠠᠭᠠᠨ 5 ᠵᠦᠢᠯ ᠤᠨ ᠪᠠᠶᠢᠳᠠᠯ ᠢᠶᠠᠷ ᠰᠢᠢᠳᠪᠦᠷᠢᠯᠡᠨ᠎ᠡ᠂ ᠪᠣᠳᠠᠲᠠᠢ 3 ᠲᠥᠷᠥᠯ ᠤᠨ ᠰᠢᠯᠲᠠᠭᠠᠨ ᠨᠢ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠢᠯᠲᠠᠭᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ᠂ ᠪᠤᠰᠤᠳ ᠰᠢᠯᠲᠠᠭᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠪᠣᠯᠣᠨ᠎ᠠ᠃ 5 ᠵᠦᠢᠯ ᠤᠨ ᠪᠠᠶᠢᠳᠠᠯ ᠭᠡᠪᠡᠯ᠂ ᠴᠠᠭ ᠲᠤᠬᠠᠢ ᠳᠤ ᠨᠢ ᠲᠣᠭᠤᠷᠢᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠦᠭᠡᠢ ᠪᠠᠶᠢᠬᠤ᠂ ᠨᠢᠭᠡᠨᠲᠡ ᠪᠦᠲᠦᠭᠡᠨ ᠪᠠᠶᠢᠭᠤᠯᠤᠭᠰᠠᠨ ᠴᠦ ᠠᠵᠢᠯ ᠡᠬᠢᠯᠡᠭᠦᠯᠦᠭᠰᠡᠨ ᠭᠡᠷᠡᠴᠢ ᠦᠭᠡᠢ ᠪᠠᠶᠢᠬᠤ᠂ ᠵᠠᠰᠠᠭ ᠤᠨ ᠣᠷᠳᠣᠨ ᠤ ᠰᠢᠯᠲᠠᠭᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ᠂ ᠠᠵᠤ ᠠᠬᠤᠶᠢᠯᠠᠯ ᠤᠨ ᠰᠢᠯᠲᠠᠭᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ᠂ ᠬᠠᠤᠯᠢ ᠴᠠᠭᠠᠵᠠ ᠪᠠᠷ ᠪᠠᠶᠢᠴᠠᠭᠠᠨ ᠪᠢᠲᠡᠭᠦᠮᠵᠢᠯᠡᠭᠳᠡᠭᠰᠡᠨ ᠪᠠᠶᠢᠳᠠᠯ ᠪᠣᠯᠤᠨ᠎ᠠ᠃
      ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠶᠠᠪᠤᠴᠠ ᠳᠤ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠢᠭᠡᠨᠲᠡ ᠲᠤᠰᠢᠶᠠᠵᠤ ᠳᠠᠭᠤᠰᠬᠠᠭᠰᠠᠨ᠂ ᠲᠥᠷᠥᠯ ᠵᠦᠢᠯ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠮᠥᠷᠲᠡᠭᠡᠨ ᠲᠥᠯᠦᠪᠵᠢᠭᠦᠯᠭᠡ ᠳᠤ ᠬᠠᠤᠯᠢ ᠶᠣᠰᠣᠭᠠᠷ ᠵᠠᠰᠠᠪᠤᠷᠢ ᠣᠷᠣᠭᠤᠯᠤᠭᠰᠠᠨ ᠠᠴᠠ ᠪᠣᠯᠵᠤ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠤᠢ ᠶᠢ ᠪᠣᠯ᠂ ᠣᠷᠣᠨ ᠨᠤᠲᠤᠭ ᠤᠨ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠨᠥᠭᠡᠴᠡᠯᠡᠵᠦ ᠪᠠᠶᠢᠭ᠎ᠠ ᠭᠠᠵᠠᠷ ᠰᠢᠷᠣᠢ ᠯᠤᠭ᠎ᠠ ᠦᠨ᠎ᠡ ᠬᠠᠶᠠᠯᠴᠠᠨ ᠰᠣᠯᠢᠬᠤ ᠠᠵᠢᠯ ᠢ ᠰᠦᠪᠡᠭᠴᠢᠯᠡᠨ ᠥᠷᠨᠢᠭᠦᠯᠵᠦ ᠪᠣᠯᠣᠨ᠎ᠠ᠂ ᠲᠣᠪᠴᠢᠯᠠᠭᠠᠳ ︽ᠰᠤᠯᠠ ᠪᠠ ᠨᠦᠭᠡᠴᠡ ᠶᠢ ᠰᠣᠯᠢᠬᠤ︾ ᠭᠡᠵᠦ ᠲᠣᠪᠴᠢᠯᠠᠨ᠎ᠠ᠃ ︽ᠰᠤᠯᠠ ᠪᠠ ᠨᠦᠭᠡᠴᠡ ᠶᠢ ᠰᠣᠯᠢᠬᠤ︾ ᠪᠣᠯ ᠵᠥᠪᠯᠡᠯᠴᠡᠭᠡᠷ ᠢᠶᠠᠷ ᠰᠣᠯᠢᠬᠤ ᠶᠢᠨ ᠨᠢᠭᠡᠨ ᠠᠰᠢᠭᠲᠠᠢ ᠨᠥᠬᠦᠪᠦᠷᠢ ᠪᠣᠯᠣᠨ᠎ᠠ᠂ ᠲᠡᠩᠴᠡᠭᠦᠦ ᠥᠷᠲᠡᠭ ᠢᠶᠠᠷ ᠰᠣᠯᠢᠬᠤ ᠵᠠᠷᠴᠢᠮ ᠶᠣᠰᠣᠭᠠᠷ᠂ ᠠᠳᠠᠯᠢ ᠪᠤᠰᠤ ᠬᠡᠷᠡᠭᠴᠡᠭᠡᠨ ᠤ ᠬᠤᠭᠤᠷᠣᠨᠳᠤ ᠢᠯᠡ ᠪᠠᠷ ᠦᠨ᠎ᠡ ᠬᠠᠶᠠᠯᠴᠠᠬᠤ ᠠᠷᠭ᠎ᠠ ᠮᠠᠶ᠋ᠢᠭ ᠢ ᠬᠡᠷᠡᠭᠯᠡᠨ ᠶᠠᠪᠤᠭᠳᠠᠭᠤᠯᠵᠤ᠂ ᠭᠠᠵᠠᠷ ᠰᠢᠷᠣᠢ ᠶᠢ ᠥᠷᠢᠰᠦᠯᠳᠦᠨ ᠣᠯᠣᠭᠰᠠᠨ ᠨᠢᠭᠡᠴᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠯᠤᠭ᠎ᠠ ︽ᠰᠤᠯᠠ ᠪᠠ ᠨᠦᠭᠡᠴᠡ ᠶᠢ ᠰᠣᠯᠢᠬᠤ︾ ᠵᠥᠪᠯᠡᠯᠴᠡᠭᠡᠷ ᠲᠣᠭᠲᠠᠨ᠎ᠠ᠃
      ᠲᠣᠰ ᠤᠳᠠᠭᠠᠨ ᠤ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠥᠩᠭᠡᠷᠡᠭᠰᠡᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠡᠵᠡᠮᠰᠢᠨ ᠲᠣᠬᠢᠷᠠᠭᠤᠯᠬᠤ ᠠᠵᠢᠯ ᠲᠠᠢ ᠬᠠᠷᠢᠴᠠᠭᠤᠯᠪᠠᠯ᠂ ᠨᠠᠩ ᠴᠢᠩᠭ᠎ᠠ᠂ ᠨᠠᠩ ᠪᠣᠳᠠᠲᠠᠢ᠂ ᠨᠠᠩ ᠨᠠᠷᠢᠯᠢᠭ ᠶᠤᠮ᠃ ᠥᠪᠡᠷᠲᠡᠭᠡᠨ ᠵᠠᠰᠠᠬᠤ ᠣᠷᠣᠨ ᠠᠴᠠ ᠲᠣᠰ ᠤᠳᠠᠭᠠᠨ ᠤ ᠵᠦᠪᠰᠢᠶᠡᠷᠡᠭᠰᠡᠨ ᠪᠠᠶᠢᠲᠠᠯ᠎ᠠ ᠦᠯᠦ ᠬᠠᠩᠭᠠᠭᠰᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠲᠦᠢᠯᠪᠦᠷᠢᠲᠠᠢ ᠰᠢᠢᠳᠪᠦᠷᠢᠯᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠦᠬᠦᠮᠡᠯ︾ ᠭᠠᠵᠠᠷ ᠰᠢᠷᠣᠢ ᠶᠢᠨ ᠡᠬᠢ ᠪᠠᠶᠠᠯᠢᠭ ᠢ ᠦᠨᠡᠨ ᠬᠦ ᠠᠮᠢᠯᠠᠭᠤᠯᠤᠨ ᠬᠡᠷᠡᠭᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠤᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠡᠭᠦᠨ ᠤ ᠬᠠᠮᠲᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠶᠢ ᠥᠨᠳᠥᠷ ᠪᠦᠲᠦᠮᠵᠢᠲᠡᠶ ᠪᠠᠷ ᠠᠬᠢᠭᠤᠯᠬᠤ ᠳᠤ ︽ᠬᠥᠭᠵᠢᠯᠲᠡ ᠶᠢᠨ ᠣᠷᠣᠨ ᠵᠠᠢ︾ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠪᠣᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ