ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠵᠦ ᠠᠵᠢᠯ ᠰᠡᠷᠭᠦᠭᠡᠭᠰᠡᠨ ᠨᠣᠷᠮ᠎ᠠ 99%᠎ ᠳᠤ ᠬᠥᠷᠪᠡ
ᠨᠡᠶᠢᠲᠡᠯᠡᠭᠰᠡᠨ ᠴᠠᠭ᠄
2022/8/19

      8 ᠳ᠋ᠤᠭᠠᠷ ᠰᠠᠷ᠎ᠠ ᠶᠢᠨ 18᠎ ᠤ ᠡᠳᠦᠷ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ 8 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠪᠥᠬᠦ ᠣᠷᠣᠨ ᠤ ᠵᠠᠰᠠᠭ ᠤᠨ ᠣᠷᠳᠣᠨ ᠤ ᠪᠡᠯᠡ ᠣᠷᠤᠭᠤᠯᠤᠭᠰᠠᠨ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠡᠷᠡᠭᠵᠢᠭᠦᠯᠬᠦ ᠪᠠᠷ ᠲᠦᠯᠦᠪᠯᠡᠭᠰᠡᠨ ᠴᠢᠬᠤᠯᠠ ᠶᠡᠭᠡ ᠲᠥᠷᠥᠯ ᠵᠦᠢᠯ ᠤᠨ 3325᠎ ᠶᠢ ᠡᠷᠭᠢᠯᠳᠦᠭᠦᠯᠦᠨ ᠰᠢᠨᠡᠳᠬᠡᠵᠦ᠂ 3302 ᠲᠥᠷᠥᠯ ᠵᠦᠢᠯ ᠨᠢᠭᠡᠨᠲᠡ ᠠᠵᠢᠯ ᠢᠶᠠᠨ ᠡᠬᠢᠯᠡᠭᠦᠯᠦᠨ ᠰᠡᠷᠭᠦᠭᠡᠵᠦ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ 99%᠎ ᠳᠤ ᠬᠦᠷᠴᠡᠢ᠃ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠢ ᠪᠠᠶᠢᠵᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠬᠦᠴᠦᠲᠡᠢ ᠲᠤᠯᠭᠠᠭᠤᠷᠢᠯᠠᠵᠤ᠂ 1 ︱ 7 ᠳ᠋ᠤᠭᠠᠷ ᠰᠠᠷ᠎ᠠ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.4%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 24.7 ᠵᠠᠭᠤᠨ ᠤ ᠴᠡᠭ ᠥᠨᠳᠥᠷ ᠪᠣᠯᠪᠠ᠃
      ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠥᠷᠥᠯ ᠬᠡᠯᠪᠡᠷᠢ ᠠᠴᠠ ᠦᠵᠡᠪᠡᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 1159 ᠪᠠᠶᠢᠵᠤ᠂ ᠵᠢᠯ ᠳᠤ 1314 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ 1138᠎ ᠶᠢ ᠨᠢᠭᠡᠨᠲᠡ ᠠᠵᠢᠯ ᠡᠬᠢᠯᠡᠭᠦᠯᠦᠨ ᠰᠡᠷᠭᠦᠭᠡᠵᠦ᠂ 764 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠵᠦ᠂ ᠠᠬᠢᠴᠠ ᠨᠢ 58%᠎ ᠳᠤ ᠬᠦᠷᠪᠡ︔ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 2166 ᠪᠠᠶᠢᠵᠤ᠂ ᠵᠢᠯ ᠳᠤ 4455 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ 2164 ᠲᠦᠷᠦᠯ ᠵᠦᠢᠯ ᠢ ᠨᠢᠭᠡᠨᠲᠡ ᠠᠵᠢᠯ ᠡᠬᠢᠯᠡᠭᠦᠯᠦᠨ ᠰᠡᠷᠭᠦᠭᠡᠵᠦ᠂ 3428 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠵᠦ᠂ ᠠᠬᠢᠴᠠ ᠨᠢ 77%᠎ ᠳᠤ ᠬᠦᠷᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ 1 ︱ 7 ᠳ᠋ᠤᠭᠠᠷ ᠰᠠᠷ᠎ᠠ ᠳᠤ᠂ ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠭᠠᠳᠠᠭᠰᠢ ᠭᠠᠷᠴᠤ ᠠᠩᠭᠢ ᠳᠠᠭᠠᠭᠤᠯᠤᠨ 68 ᠤᠳᠠᠭ᠎ᠠ ᠬᠤᠳᠠᠯᠳᠤᠭᠠᠴᠢᠨ ᠤᠷᠢᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠮᠠᠶ᠋ᠢᠭ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ 121 ᠤᠳᠠᠭ᠎ᠠ ᠡᠷᠭᠢᠯᠡᠵᠦ᠂ 3291 ᠲᠥᠷᠥᠯ ᠵᠦᠢᠯ ᠤᠨ ᠭᠡᠷ᠎ᠡ ᠲᠣᠭᠲᠠᠪᠠ᠃ ᠴᠢᠬᠤᠯᠠ ᠶᠡᠭᠡ ᠲᠥᠷᠥᠯ ᠵᠦᠢᠯ ᠤᠨ ᠨᠦᠭᠡᠴᠡ ᠶᠢᠨ ᠲᠠᠯ᠎ᠠ ᠪᠠᠷ᠂ 8 ᠳ᠋ᠤᠭᠠᠷ ᠰᠠᠷ᠎ᠠ ᠶᠢᠨ 15᠎ ᠤ ᠡᠳᠦᠷ ᠪᠣᠯᠲᠠᠯ᠎ᠠ᠂ ᠪᠥᠬᠦ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠨᠡᠶᠢᠲᠡ 1.6 ᠲᠦᠮᠡ ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 13.7 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ᠃ ᠶᠡᠷᠦᠩᠬᠡᠢ ᠳᠤ ᠨᠢ ᠠᠪᠴᠤ ᠦᠵᠡᠪᠡᠯ᠂ ᠲᠥᠷᠥᠯ ᠵᠦᠢᠯ ᠤᠨ ᠨᠥᠭᠡᠴᠡ ᠶᠢᠨ ᠲᠤᠭ᠎ᠠ ᠬᠡᠮᠵᠢᠶ᠎ᠡ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ